12 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ | ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ | ᠵᠠᠰᠠᠬᠤ ᠣᠷᠣᠨ ᠤ ᠬᠤᠶᠠᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ | ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠠᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ | 25 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠶ ᠵᠠᠰᠠᠭ ᠵᠠᠬᠢᠷᠭᠠᠨ ᠤ ᠣᠷᠣᠨ ᠤ | ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠤ ᠣᠷᠤᠯᠴᠠᠬᠤ | ᠦᠶ᠎ᠡ ᠶᠢᠨ ᠴᠢᠬᠤᠯᠠ ᠶᠠᠷᠢᠶ᠎ᠠ ᠪᠣᠯᠣᠨ ᠣᠣᠮᠧᠨ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠪᠥᠷ ᠮᠣᠩᠭᠤᠯ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠲᠣᠰ ᠪᠡᠶ᠎ᠡ ᠶᠢᠨ | ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ | ᠰᠢᠨ᠎ᠡ ᠭᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠤᠳᠠᠯᠳᠤᠭᠠᠨ ᠤ ᠰᠠᠨᠰᠠᠷ ᠤᠨ ᠠᠶᠠᠯᠠᠯ ᠵᠡᠷᠭᠡ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠶᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠠᠵᠤ ᠦᠢᠯᠡᠰ ᠤᠨ ᠲᠦᠷᠭᠡᠨ ᠬᠥᠭᠵᠢᠯᠲᠡ ᠪᠠᠷ ᠠᠵᠤ | ᠦᠢᠯᠡᠰ ᠤᠨ ᠪᠦᠲᠦᠴᠡ ᠶᠢᠨ ᠦᠷᠭᠦᠯᠵᠢᠯᠡᠨ ᠰᠢᠯᠢᠳᠡᠭᠵᠢᠬᠦ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠪᠠ | ᠬᠥᠭᠵᠢᠯᠲᠡ ᠶᠢᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠣᠷᠣᠨ ᠨᠤᠲᠤᠭ ᠤᠨ ᠬᠠᠤᠯᠢ | ᠲᠣᠭᠲᠠᠭᠠᠯᠲᠠ ᠶᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠣᠣᠮᠧᠨ ᠤ ᠨᠡᠭᠡᠭᠡᠯᠲᠡᠲᠤ ᠬᠥᠭᠵᠢᠯᠲᠡ ᠶᠢᠨ | ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠭᠠᠳᠠᠭᠠᠳᠤ ᠨᠡᠭᠡᠭᠡᠯᠲᠡ ᠶᠢ ᠪᠦᠭᠦ ᠲᠠᠯ᠎ᠠ ᠪᠠᠷ ᠲᠥᠯᠥᠪᠵᠢᠭᠦᠯᠦᠨ | ᠠᠬᠢᠭᠤᠯᠵᠤ᠂ ︽ᠰᠢᠨ᠎ᠡ ᠡᠨᠧᠷᠭᠢ ᠶᠢᠨ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯᠴᠢ ᠴᠡᠨᠡᠭ ᠤᠨ ᠦᠢᠯᠡᠳᠬᠦᠨ︾ | ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠪᠠ ᠬᠢᠯᠢ ᠶᠢᠨ ᠠᠷᠠᠳ ᠤᠨ ᠵᠠᠬ᠎ᠠ ᠶᠢᠨ | ᠠᠷᠠᠯᠵᠢᠶᠠᠨ ᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠬᠢᠲᠠᠳ ᠡᠮ ᠡᠮᠨᠡᠯᠭᠡ ᠶᠢ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠶᠡᠭᠡ ᠶᠠᠪᠤᠳᠠᠯ ᠪᠣᠯᠭᠠᠨ ᠠᠳᠬᠤᠬᠤ ᠶᠢ ᠪᠠᠷᠢᠮᠲᠠᠯᠠᠵᠤ᠂ | ᠬᠢᠲᠠᠳ ︵ᠮᠣᠩᠭᠤᠯ︶ ᠡᠮ ᠡᠮᠨᠡᠯᠭᠡ ᠶᠢᠨ ᠬᠥᠭᠵᠢᠯᠲᠡ ᠶᠢᠨ ᠰᠢᠨ᠎ᠡ ᠠᠯᠬᠤᠭ᠎ᠠ ᠪᠠᠷ ᠠᠯᠬᠤᠬᠤ ᠶᠢ ᠠᠬᠢᠭᠤᠯᠬᠤ | ᠬᠡᠷᠡᠭᠲᠡᠢ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠤᠨ᠂ ᠠᠵᠢᠯ | ᠣᠯᠭᠤᠯᠲᠠ ᠪᠠᠷ ᠤᠳᠤᠷᠢᠳᠤᠮᠵᠢ ᠪᠣᠯᠭᠠᠨ ᠶᠡᠭᠡ ᠳᠡᠭᠡᠳᠦ ᠰᠤᠷᠭᠠᠭᠤᠯᠢ ᠪᠠ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠠᠩ ᠣᠯᠠᠨ | ᠬᠡᠷᠡᠭᠯᠡᠭᠡᠨ ᠤ ᠭᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠳᠤ ᠳᠡᠪᠰᠢᠭᠦᠯᠵᠦ | ᠬᠢᠨᠠᠨ ᠵᠥᠪᠯᠡᠭᠦᠯᠬᠦ ᠪᠠᠷ ᠪᠠᠶᠢᠭ᠎ᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠤᠭᠰᠠᠨ ᠪᠥᠭᠡᠳ ᠬᠤᠶᠠᠷ | ᠬᠤᠷᠠᠯ ᠢ ᠰᠠᠶᠢᠲᠤᠷ ᠬᠤᠷᠠᠯᠳᠤᠭᠤᠯᠬᠤ ᠲᠤᠬᠠᠢ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ 2024 ᠣᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠭᠦ | ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠰᠢ ᠶᠢᠨ ᠫᠢᠩ ᠤᠨ ᠬᠠᠤᠯᠢ ᠪᠠᠷ ᠵᠠᠰᠠᠬᠤ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠤ | ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠠᠭ ᠲᠤᠬᠠᠢ ᠳᠤᠨᠢ ᠵᠠᠳᠠᠯᠤᠨ ᠰᠤᠳᠤᠯᠤᠨ ᠮᠠᠭᠠᠳᠯᠠᠵᠤ | ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠬᠡ ᠤᠯᠤᠰ ᠤᠨ ︽ᠤᠮᠠᠷᠠᠲᠤ ᠶᠡᠭᠡ | ᠬᠠᠭᠠᠯᠭ᠎ᠠ︾᠂ ᠨᠡᠶᠢᠰᠯᠡᠯ ᠤᠨ ︽ᠬᠠᠮᠠᠭᠠᠯᠠᠯᠲᠠ ᠶᠢᠨ ᠭᠤᠣᠯ︾ ᠢ ᠪᠦᠭᠦ ᠬᠦᠴᠦᠨ ᠢᠶᠠᠷ ᠢᠶᠠᠨ ᠰᠠᠶᠢᠲᠤᠷ ᠰᠠᠬᠢᠬᠤ | ᠬᠡᠷᠡᠭᠲᠡᠢ᠃ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠢᠮᠠᠭᠲᠠ ᠲᠡᠷᠢᠭᠦᠨ ᠴᠢᠬᠤᠯᠠ | ᠡᠭᠦᠷᠭᠡ ᠪᠤᠯᠭᠠᠵᠤ᠂ ᠤᠯᠤᠰ ᠲᠦᠷᠦ ᠶᠢᠨ ᠰᠡᠷᠭᠡᠭ ᠴᠢᠨᠠᠷ ᠢᠶᠠᠨ ᠴᠢᠩᠭᠠᠳᠬᠠᠵᠤ᠂ ᠡᠯ᠎ᠡ ᠲᠦᠷᠦᠯ ᠤᠨ ᠠᠶᠤᠯ | ᠲᠦᠭᠰᠢᠭᠦᠷᠢ ᠶᠢ ᠬᠦᠴᠦᠲᠡᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠠᠮᠤᠷ ᠢ ᠬᠠᠮᠠᠭᠠᠯᠠᠬᠤ | ᠬᠠᠮᠢᠶᠠᠷᠤᠯᠲᠠ ᠪᠠ ᠨᠡᠶᠢᠭᠡᠮ ᠤᠨ ᠵᠠᠰᠠᠯᠲᠠ ᠶᠢ ᠦᠨᠡᠨ ᠬᠦ ᠰᠠᠶᠢᠲᠤᠷ ᠠᠳᠬᠤᠵᠤ᠂ ᠤᠯᠤᠰ ᠲᠦᠷᠦ ᠬᠠᠤᠯᠢ | ᠴᠠᠭᠠᠵᠠ ᠶᠢᠨ ᠨᠢᠭᠡᠴᠢ ᠶᠢᠨ ᠬᠤᠭᠤᠷᠣᠨᠳᠣᠭᠢ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠂ ᠠᠮᠤᠷ ᠢ | ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠵᠥᠷᠢᠴᠡᠯ ᠵᠠᠭᠤᠷᠠᠯᠳᠤᠭᠠᠨ ᠢ ᠡᠬᠢ | ᠡᠭᠦᠰᠦᠯ ᠠᠴᠠ ᠨᠢ ᠰᠢᠢᠳᠪᠦᠷᠢᠯᠡᠨ ᠠᠷᠢᠯᠭᠠᠬᠤ ᠶᠢ ᠴᠢᠩᠭᠠᠳᠬᠠᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ | ᠬᠠᠮᠠᠭᠠᠯᠠᠬᠤ ᠬᠡᠷᠡᠭᠲᠡᠢ᠃ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠣᠷᠴᠢᠨ | ᠲᠣᠭᠤᠷᠢᠨ ᠤ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ | ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠯ᠎ᠡ ᠲᠦᠷᠦᠯ ᠤᠨ ᠬᠠᠤᠯᠢ ᠶᠢ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯᠯᠠᠭ᠎ᠠ ᠶᠢ | ᠵᠢᠷᠤᠮᠵᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠬᠠᠤᠯᠢ | ᠴᠠᠭᠠᠵᠠ ᠶᠢᠨ ᠠᠵᠢᠯ ᠤᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ | ᠠᠷᠠᠳ ᠲᠦᠮᠡᠨ ᠬᠠᠨᠤᠮᠵᠢᠳᠠᠢ ᠠᠯᠪᠠᠲᠠᠨ︾ ᠪᠠ ︽ᠠᠷᠠᠳ ᠲᠦᠮᠡᠨ ᠬᠠᠨᠤᠮᠵᠢᠳᠠᠢ ᠠᠯᠪᠠᠲᠠᠨ ᠤ ᠬᠠᠮᠲᠤ︾ ᠶᠢ | ᠰᠢᠯᠭᠠᠷᠠᠭᠤᠯᠤᠨ ᠬᠥᠬᠢᠭᠦᠯᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠡᠷᠢᠭᠦᠨ ᠤ ᠨᠡᠶᠢᠲᠡᠯᠢᠭ | ᠵᠢᠱᠢᠶ᠎ᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠦᠭᠦ ᠨᠡᠶᠢᠭᠡᠮ ᠳᠤ ᠦᠯᠢᠭᠡᠷ ᠳᠠᠭᠤᠷᠢᠶᠠᠯ ᠠᠴᠠ ᠲᠠᠭᠠᠨ | ᠰᠤᠷᠤᠯᠴᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠭᠦᠨ ᠵᠤᠵᠠᠭᠠᠨ ᠠᠭᠤᠷ ᠠᠮᠢᠰᠬᠤᠯ ᠢ | ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |