ᠰᠦᠩ ᠰᠢᠨ ᠴᠦᠨ ᠤᠮᠠᠷᠠᠲᠤ ᠣᠷᠣᠨ᠂ ᠡᠮᠦᠨᠡᠲᠦ ᠶᠢᠨ ᠠᠭᠠᠷ ᠠᠶᠠᠯᠠᠯ ᠤᠨ ᠤᠢ ᠰᠢᠭᠤᠢ ᠶᠢ ᠬᠠᠮᠠᠭᠠᠯᠠᠬᠤ ᠶᠡᠷᠦᠩᠬᠡᠢ ᠦᠷᠳᠡᠭᠡ ᠪᠣᠯᠤᠨ ᠶᠦᠨᠨᠠᠨ ᠤ ᠭᠤᠣᠯᠳᠠᠯᠭ᠎ᠠ ᠲᠠᠢ ᠲᠦᠢᠮᠡᠷ ᠢ ᠰᠡᠷᠭᠡᠶᠢᠯᠡᠬᠦ ᠣᠷᠣᠨ ᠳᠤ ᠬᠦᠷᠴᠦ ᠠᠭᠠᠷ ᠠᠶᠠᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠢᠴᠢ ᠡᠪᠦᠯ ᠤᠨ ᠤᠯᠠᠷᠢᠯ ᠤᠨ ᠤᠢ ᠰᠢᠭᠤᠢ ᠶᠢᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/31
    ᠣᠶᠢᠷ᠎ᠠ ᠳᠤ᠂ ᠤᠯᠤᠰ ᠤᠨ ᠣᠶ ᠰᠢᠭᠤᠶ ᠶᠢᠨ ᠰᠡᠷᠭᠡᠶᠢᠯᠡᠯᠲᠡ ᠶᠢᠨ ᠵᠢᠯᠣᠭᠤᠳᠬᠤ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠬᠠᠮᠲᠤᠷᠠᠭᠰᠠᠨ ᠠᠵᠢᠯᠯᠠᠬᠤ ᠳᠤᠭᠤᠶᠢᠯᠠᠩ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠨᠠᠮ ᠤᠨ ᠬᠤᠷᠢᠶᠠᠨ ᠤ ᠭᠡᠰᠢᠭᠦᠨ ᠪᠥᠭᠡᠳ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ ᠰᠥᠩ ᠰᠢᠨ ᠴᠦᠨ ᠪᠦᠯᠬᠦᠮ ᠳᠠᠭᠠᠭᠤᠯᠤᠨ ᠬᠠᠷᠠᠮᠥ᠋ᠷᠡᠨ᠂ ᠶᠦᠨᠨᠠᠨ ᠳᠤ ᠬᠦᠷᠴᠦ ᠤᠮᠠᠷᠠᠲᠤ ᠣᠷᠣᠨ᠂ ᠡᠮᠦᠨᠡᠲᠦ ᠣᠷᠣᠨ ᠤ ᠠᠭᠠᠷ ᠤᠨ ᠠᠶᠠᠯᠠᠯ ᠤᠨ ᠣᠶ ᠰᠢᠭᠤᠶ ᠶᠢ ᠬᠠᠮᠠᠭᠠᠯᠠᠬᠤ ᠶᠡᠷᠦᠩᠬᠡᠶ ᠥᠷᠲᠡᠭᠡ ᠶᠢᠨ ᠪᠥᠬᠦ ᠲᠠᠯ᠎ᠠ ᠶᠢᠨ ᠪᠥᠲᠥᠭᠡᠨ ᠪᠠᠶᠢᠭᠤᠯᠤᠯᠲᠠ ᠪᠠ ᠳ᠋ᠠᠯᠢ᠂ ᠢᠦᠶ ᠰᠢ᠂ ᠯᠢ ᠵᠢᠶᠠᠩ ᠵᠡᠷᠭᠡ ᠭᠠᠵᠠᠷ ᠤᠨ ᠣᠶ ᠰᠢᠭᠤᠶ ᠶᠢᠨ  ᠲᠦᠢᠮᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠪᠠ᠃    ᠰᠦᠩ ᠰᠢᠨ ᠴᠦᠨ ᠤᠮᠠᠷᠠᠲᠤ ᠣᠷᠣᠨ᠂ ᠡᠮᠦᠨᠡᠲᠦ ᠶᠢᠨ ᠠᠭᠠᠷ ᠤᠨ ᠠᠶᠠᠯᠠᠯ ᠤᠨ ᠤᠢ ᠰᠢᠭᠤᠢ ᠶᠢ ᠬᠠᠮᠠᠭᠠᠯᠠᠬᠤ ᠶᠡᠷᠦᠩᠬᠡᠢ ᠦᠷᠳᠡᠭᠡ ᠶᠡᠷᠦᠩᠬᠡᠢ ᠱᠦᠵᠢ ᠰᠢ ᠶᠢᠨ ᠫᠢᠩ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠪᠠ ᠠᠭᠠᠷ ᠤᠨ ᠠᠶᠠᠯᠠᠯ ᠤᠨ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠶᠠᠮᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠭᠠᠷ ᠤᠨ ᠠᠶᠠᠯᠠᠯ ᠤᠨ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠶᠡᠷᠦᠩᠬᠡᠶᠢᠯᠡᠭᠰᠡᠨ ᠴᠢᠨᠠᠷᠲᠠᠢ ᠠᠪᠤᠷᠠᠨ ᠲᠤᠰᠠᠯᠠᠬᠤ᠂ ᠢᠯᠠᠩᠭᠤᠶ᠎ᠠ ᠤᠢ ᠰᠢᠭᠤᠢ ᠶᠢᠨ ᠠᠭᠠᠷ ᠤᠨ ᠠᠶᠠᠯᠠᠯ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠡᠭᠦᠷᠭᠡ ᠶᠢ ᠥᠨᠳᠥᠷ ᠪᠦᠲᠦᠮᠵᠢᠲᠡᠢ ᠪᠡᠶᠡᠯᠡᠭᠦᠯᠵᠦ᠂ ᠠᠷᠠᠳ ᠤᠯᠠᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠴᠢᠬᠤᠯᠠ ᠬᠤᠪᠢ ᠨᠡᠮᠡᠷᠢ ᠦᠵᠡᠭᠦᠯᠪᠡ᠃    ᠰᠦᠩ ᠰᠢᠨ ᠴᠦᠨ ᠣᠳᠣᠬᠠᠨ ᠳᠤ ᠪᠣᠯ ᠠᠭᠠᠷ ᠤᠨ ᠠᠶᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠡᠩᠨᠡᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ ᠲᠡᠦᠬᠡᠨ ᠭᠤᠭᠴᠤᠭ᠎ᠠ ᠪᠣᠯᠤᠨ᠎ᠠ᠂ ᠤᠯᠤᠰ ᠲᠦᠷᠦ ᠶᠢᠨ ᠲᠠᠯ᠎ᠠ ᠪᠠᠷ ᠵᠣᠭᠰᠣᠴᠠ ᠪᠠᠨ ᠳᠡᠭᠡᠭᠰᠢᠯᠡᠭᠦᠯᠵᠦ᠂ ᠠᠭᠠᠷ ᠤᠨ ᠠᠶᠠᠯᠠᠯ ᠤᠨ ᠠᠪᠤᠷᠠᠨ ᠲᠤᠰᠠᠯᠠᠬᠤ ᠰᠢᠰᠲ᠋ᠧᠮ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢ ᠰᠠᠨᠠᠭᠠᠴᠢᠯᠠᠭ᠎ᠠ ᠠᠴᠠ ᠪᠠᠨ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠠᠴᠠ ᠪᠣᠳᠣᠯᠬᠢᠯᠠᠬᠤ ᠬᠡᠷᠡᠭᠲᠡᠢ᠃ ᠴᠢᠳᠠᠪᠤᠷᠢ ᠶᠢᠨ ᠲᠠᠯ᠎ᠠ ᠪᠠᠷ ᠲᠡᠰ ᠳᠡᠪᠰᠢᠭᠦᠯᠵᠦ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠢᠳᠡᠪᠬᠢᠲᠡᠢ ᠠᠬᠢᠭᠤᠯᠵᠤ᠂ ᠵᠢᠩᠬᠢᠨᠢ ᠪᠠᠶᠢᠯᠳᠤᠭᠠᠨ ᠤ ᠪᠡᠯᠡᠳᠬᠡᠯ ᠢ ᠪᠦᠬᠦ ᠲᠠᠯ᠎ᠠ ᠪᠠᠷ ᠴᠢᠩᠭᠠᠳᠬᠠᠵᠤ᠂ ᠨᠢᠰᠦᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠳᠣᠬᠢᠴᠢᠯᠠᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠰᠤᠷᠲᠠᠯ ᠤᠨ ᠲᠠᠯ᠎ᠠ ᠪᠠᠷ ᠡᠴᠦᠰ ᠲᠤᠨᠢ ᠲᠤᠯᠲᠠᠯ᠎ᠠ ᠴᠢᠩᠳᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠰᠤᠯᠠᠷᠠᠭᠤᠯᠤᠯ ᠦᠭᠡᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠠᠮᠠᠭᠠᠯᠠᠵᠤ᠂ ᠴᠢᠩᠭ᠎ᠠ ᠠᠳᠬᠤᠨ ᠴᠢᠩᠭ᠎ᠠ ᠬᠠᠮᠢᠶᠠᠷᠴᠤ᠂ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠶᠣᠰᠣ ᠳᠦᠷᠢᠮ ᠤᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃    ᠰᠥᠩ ᠰᠢᠨ ᠴᠦᠨ ᠴᠢᠬᠤᠯᠠᠴᠢᠯᠠᠭᠰᠠᠨ ᠨᠢ᠂ ᠡᠪᠦᠯ ᠤᠨ ᠤᠯᠠᠷᠢᠯ ᠳᠤ ᠡᠮᠦᠨᠡᠲᠦ ᠣᠷᠣᠨ ᠤ ᠣᠯᠠᠩᠬᠢ ᠮᠤᠵᠢ ᠣᠷᠣᠨ ᠵᠠᠯᠭᠠᠭ᠎ᠠ ᠪᠠᠷ ᠭᠠᠯ ᠢ ᠰᠡᠷᠭᠡᠶᠢᠯᠡᠬᠦ ᠬᠤᠭᠤᠴᠠᠭᠠᠨ ᠳᠤ ᠣᠷᠣᠵᠤ᠂ ᠬᠡᠰᠡᠭ ᠭᠠᠵᠠᠷ ᠣᠷᠣᠨ ᠤ ᠭᠠᠯ ᠤᠨ ᠠᠶᠤᠯ ᠤᠨ ᠵᠡᠷᠭᠡ ᠳᠡᠰ ᠨᠡᠯᠢᠶᠡᠳ ᠥᠨᠳᠥᠷ ᠪᠠᠶᠢᠨ᠎ᠠ᠂ ᠣᠶᠢᠷ᠎ᠠ ᠳᠤ ᠤᠯᠤᠰ ᠤᠨ ᠣᠶ ᠰᠢᠭᠤᠶ ᠶᠢᠨ ᠰᠡᠷᠭᠡᠶᠢᠯᠡᠯᠲᠡ ᠶᠢᠨ ᠵᠢᠯᠣᠭᠤᠳᠬᠤ ᠭᠠᠵᠠᠷ ᠠᠴᠠ ᠵᠢᠶᠠᠩᠰᠢ᠂ ᠬᠤᠨᠠᠨ᠂ ᠭᠤᠸᠠᠩᠳᠦ᠋ᠩ᠂ ᠭᠤᠸᠠᠩᠰᠢ ᠵᠡᠷᠭᠡ ᠮᠤᠵᠢ ᠣᠷᠣᠨ ᠤ ᠭᠠᠯ ᠤᠨ ᠠᠶᠤᠯ ᠶᠡᠬᠡᠲᠡᠶ ᠴᠠᠭ ᠠᠭᠤᠷ ᠤᠨ ᠪᠠᠶᠢᠳᠠᠯ ᠳᠤ ᠴᠢᠭᠯᠡᠭᠦᠯᠦᠨ ᠤᠯᠠᠪᠤᠷ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠵᠡᠶ᠃ ᠰᠢᠨ᠎ᠡ ᠵᠢᠯ᠂ ᠴᠠᠭᠠᠨ ᠰᠠᠷ᠎ᠠ ᠣᠶᠢᠷᠠᠳᠴᠤ ᠪᠠᠶᠢᠭ᠎ᠠ ᠦᠶ᠎ᠡ ᠳᠤ᠂ ᠶᠦᠨᠨᠠᠨ ᠮᠤᠵᠢ ᠶᠢᠨ ᠬᠢᠨ ᠣᠳᠣᠬᠠᠨ ᠤ ᠬᠦᠨᠳᠦ ᠨᠣᠴᠢᠲᠠᠶ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠬᠢᠯᠭ᠎ᠠ ᠳᠤ ᠬᠡᠷᠡᠭᠯᠡᠬᠦ ᠭᠠᠯ ᠪᠣᠯᠤᠨ ᠳᠠᠭᠠᠭᠠᠴᠠ ᠠᠴᠠ ᠬᠡᠲᠦᠷᠡᠲᠡᠯ᠎ᠡ ᠴᠠᠬᠢᠯᠭᠠᠨ ᠬᠡᠷᠡᠭᠯᠡᠬᠦ ᠵᠡᠷᠭᠡ ᠲᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠡᠮ ᠰᠣᠭᠤᠭ ᠢ ᠭᠦᠨᠵᠡᠭᠡᠶ ᠵᠢᠭᠰᠠᠭᠠᠨ ᠪᠠᠶᠢᠴᠠᠭᠠᠵᠤ᠂ ᠭᠠᠯ ᠰᠡᠷᠭᠡᠶᠢᠯᠡᠬᠦ ᠤᠬᠠᠭᠤᠯᠭ᠎ᠠ ᠶᠢ ᠴᠢᠩᠭᠠᠳᠬᠠᠵᠤ᠂ ᠬᠥᠮᠦᠨ ᠤ ᠬᠦᠴᠦᠨ ᠳᠤ ᠬᠡᠷᠡᠭᠯᠡᠬᠦ ᠭᠠᠯ ᠤᠨ ᠡᠬᠢ ᠰᠤᠷᠪᠤᠯᠵᠢ ᠶᠢ ᠴᠢᠩᠭ᠎ᠠ ᠬᠠᠮᠢᠶᠠᠷᠴᠤ᠂ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠶ᠃ ᠲᠥᠰᠦᠯ ᠤᠨ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠭᠠᠯ ᠤᠨᠲᠠᠷᠠᠭᠠᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠰᠣᠷᠢᠯᠲᠠ ᠶᠢ ᠴᠢᠩᠭᠠᠳᠬᠠᠵᠤ᠂ ᠭᠠᠯ ᠤᠨᠲᠠᠷᠠᠭᠠᠬᠤ ᠡᠭᠦᠷᠭᠡ ᠶᠢᠨ ᠬᠡᠷᠡᠭᠵᠢᠭᠦᠯᠦᠯᠲᠡ ᠳᠤ ᠠᠮᠤᠷ ᠲᠦᠪᠰᠢᠨ ᠤ ᠲᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠠᠮᠤᠷ ᠲᠦᠪᠰᠢᠨ ᠢᠶᠠᠷ ᠭᠠᠯ ᠤᠨᠲᠠᠷᠠᠭᠠᠬᠤ ᠬᠡᠷᠡᠭᠲᠡᠶ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号