ᠡᠪᠦᠯ ᠤᠨ ᠤᠯᠠᠷᠢᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠨ ᠡᠵᠡᠮᠳᠡᠬᠦ | ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠡᠯ᠎ᠡ ᠲᠥᠷᠥᠯ ᠤᠨ ᠲᠠᠯᠠᠪᠤᠷ ᠭᠠᠵᠠᠷ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠬᠢᠷᠢ ᠲᠦᠪᠰᠢᠨ ᠪᠠ ᠠᠵᠢᠯ ᠡᠷᠬᠢᠯᠡᠭᠴᠢᠳ ᠤᠨ ᠠᠮᠤᠷ ᠲᠦᠪᠰᠢᠨ ᠤ ᠬᠠᠷᠢᠭᠤᠴᠠᠯᠭᠠᠲᠤ | ᠤᠬᠠᠮᠰᠠᠷ ᠢ ᠳᠡᠭᠡᠭᠰᠢᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠪᠤᠭᠤᠲᠤ ᠬᠤᠲᠠ ᠶᠢᠨ ᠭᠠᠯ ᠰᠡᠷᠭᠡᠶᠢᠯᠡᠵᠦ | ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠣᠳᠣᠬᠠᠨ ᠤ ᠭᠠᠯ ᠤᠨ ᠭᠠᠮᠰᠢᠭ ᠤᠨ ᠪᠠᠶᠢᠳᠠᠯ ᠪᠠ | ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠡᠪᠦᠯ ᠤᠨ ᠤᠯᠠᠷᠢᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ | ᠠᠮᠤᠷ ᠲᠦᠪᠰᠢᠨ ᠤ ︽ᠳᠠᠬᠢᠨ ᠲᠠᠰ ᠳᠡᠪᠰᠢᠭᠦᠯᠬᠦ︾ ᠶᠢ ᠠᠬᠢᠭᠤᠯᠪᠠ᠃ | ᠰᠠᠯᠪᠤᠷᠢ ᠠᠩᠭᠢ ᠠᠴᠠ ᠬᠠᠷᠢᠶᠠᠲᠤ ᠣᠷᠣᠨ ᠤ ᠰᠤᠷᠭᠠᠭᠤᠯᠢ᠂ ᠲᠣᠮᠣ ᠬᠡᠯᠪᠡᠷᠢ ᠶᠢᠨ ᠬᠤᠳᠠᠯᠳᠤᠭᠠᠨ ᠤ | ᠶᠡᠷᠦᠩᠬᠡᠶᠢᠯᠡᠭᠰᠡᠨ ᠴᠣᠭᠴᠠ᠂ ᠵᠣᠴᠢᠳ ᠤᠨ ᠪᠠᠭᠤᠳᠠᠯ ᠬᠤᠭᠤᠯᠠᠨ ᠬᠡᠷ ᠵᠡᠷᠭᠡ ︽ᠲᠣᠮᠣ ᠨᠢᠭᠡᠴᠡ︾ ᠳᠤ ᠭᠠᠯ | ᠤᠨᠲᠠᠷᠠᠭᠠᠬᠤ ᠠᠮᠤᠷ ᠲᠦᠪᠰᠢᠨ ᠤ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠠᠵᠢᠯ ᠥᠷᠨᠢᠭᠦᠯᠦᠨ᠎ᠡ᠃ | ᠨᠢᠭᠡᠴᠡ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ ᠤᠨᠲᠠᠷᠠᠭᠠᠬᠤ ᠡᠵᠡᠮᠳᠡᠯ ᠤᠨ ᠭᠡᠷ᠂ ᠭᠠᠯ ᠤᠨᠲᠠᠷᠠᠭᠠᠬᠤ ᠪᠢᠴᠢᠯ | ᠬᠡᠯᠪᠡᠷᠢ ᠶᠢᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠪᠣᠯᠤᠨ ᠬᠢᠨᠠᠯᠲᠠ ᠬᠠᠮᠢᠶᠠᠷᠤᠯᠲᠠ᠂ ᠡᠳᠦᠷ ᠲᠤᠲᠤᠮ ᠤᠨ | ᠭᠠᠯ ᠤᠨᠲᠠᠷᠠᠭᠠᠬᠤ ᠪᠠᠶᠢᠴᠠᠭᠠᠯᠲᠠ ᠶᠢᠨ ᠲᠣᠭᠤᠷᠢᠨ ᠪᠠᠶᠢᠴᠠᠭᠠᠬᠤ᠂ ᠭᠠᠯ ᠤᠨᠲᠠᠷᠠᠭᠠᠬᠤ ᠪᠡᠯᠡᠳᠬᠡᠮᠵᠢ ᠶᠢᠨ | ᠠᠵᠢᠯᠯᠠᠭᠠᠨ ᠪᠣᠯᠤᠨ ᠬᠠᠮᠠᠭᠠᠯᠠᠵᠤ ᠠᠷᠠᠴᠢᠯᠠᠭᠰᠠᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠬᠤ ᠬᠡᠷᠡᠭᠲᠡᠶ᠃ | ᠡᠭᠦᠨ ᠤ ᠬᠠᠮᠲᠤ᠂ ᠡᠯ᠎ᠡ ᠨᠢᠭᠡᠴᠢ ᠶᠢᠨ ᠬᠢᠨ ᠠᠶᠤᠯ ᠲᠦᠭᠰᠢᠭᠦᠷᠢ ᠶᠢᠨ ᠵᠦᠭᠯᠡᠭᠦᠷ ᠪᠣᠯᠤᠨ ᠪᠠᠶᠢᠴᠠᠭᠠᠯᠲᠠ ᠶᠢᠨ | ᠵᠢᠯᠣᠭᠤᠳᠤᠮᠵᠢ ᠲᠠᠢ ᠬᠠᠷᠭᠤᠭᠤᠯᠤᠨ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠬᠦ ᠠᠵᠢᠯ ᠥᠷᠨᠢᠭᠦᠯᠵᠦ᠂ | ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠭᠠᠯ ᠤᠨ ᠭᠠᠮᠰᠢᠭ ᠤᠨ | ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠰᠠᠨᠠᠭᠤᠯᠪᠠ᠃ | ᠰᠠᠯᠪᠤᠷᠢ ᠠᠩᠭᠢ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ ᠵᠡᠷᠭᠡ ︽ᠵᠢᠵᠢᠭ ᠲᠠᠯᠠᠪᠤᠷ︾ ᠢ ᠬᠠᠪᠰᠤᠷᠤᠨ | ᠲᠡᠳᠬᠦᠵᠦ ᠵᠢᠯᠣᠭᠤᠳᠬᠤ ᠪᠠᠨ ᠴᠢᠩᠭᠠᠳᠬᠠᠪᠠ᠃ ︽ᠡᠷᠦᠬᠡ ᠳᠤ ᠣᠷᠣᠵᠤ ᠵᠢᠭᠰᠠᠭᠠᠨ ᠪᠠᠶᠢᠴᠠᠭᠠᠬᠤ︾᠂ ︽ | ᠬᠡᠷ ᠲᠤᠨᠢ ᠬᠦᠷᠴᠦ ᠰᠠᠨᠠᠭᠤᠯᠬᠤ︾᠂ ︽ᠪᠣᠳᠠᠲᠠᠶ ᠬᠢᠵᠦ ᠬᠠᠪᠰᠤᠷᠤᠨ ᠵᠢᠯᠣᠭᠤᠳᠬᠤ︾ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠬᠡᠷᠬᠢᠨ ᠴᠠᠬᠢᠯᠭᠠᠨ ᠲᠥᠬᠦᠭᠡᠷᠦᠮᠵᠢ ᠶᠢ ᠠᠮᠤᠷ ᠲᠦᠪᠰᠢᠨ ᠢᠶᠠᠷ ᠬᠡᠷᠡᠭᠯᠡᠬᠦ᠂ ᠭᠠᠯ ᠤᠨᠲᠠᠷᠠᠭᠠᠭᠤᠯ ᠢ | ᠬᠡᠷᠬᠢᠨ ᠵᠥᠪ ᠣᠨᠣᠪᠴᠢᠲᠠᠶ ᠬᠡᠷᠡᠭᠯᠡᠬᠦ᠂ ᠬᠡᠷᠬᠢᠨ ᠠᠮᠢ ᠵᠢᠭᠤᠲᠠᠬᠤ᠂ ᠬᠡᠷᠬᠢᠨ ᠵᠥᠪ ᠣᠨᠣᠪᠴᠢᠲᠠᠶ ᠪᠠᠷ ᠲᠦᠭᠰᠢᠭᠦᠷᠢ | ᠮᠡᠳᠡᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠬᠤᠳᠠᠯᠳᠤᠭᠠᠴᠢᠨ ᠡᠷᠦᠬᠡ ᠳᠤ ᠨᠠᠷᠢᠨ ᠨᠢᠮᠪᠠᠶ ᠲᠠᠶᠢᠯᠪᠤᠷᠢᠯᠠᠬᠤ ᠶᠢᠨ | ᠬᠠᠮᠲᠤ᠂ ᠦᠨᠳᠦᠰᠦᠨ ᠱᠠᠲᠤᠨ ᠤ ᠲᠤᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ ᠢ ᠰᠢᠮᠳᠠᠭᠤᠯᠵᠤ ᠪᠠᠶᠢᠭᠠᠳ | ᠡᠮᠦᠨᠡᠬᠢ ᠬᠤᠭᠤᠴᠠᠭᠠᠨ ᠤ ᠨᠢᠭᠡᠨᠲᠡ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠵᠡᠭᠡᠯᠢ ᠳᠠᠭᠠᠤ ᠬᠤᠳᠠᠯᠳᠤᠭ᠎ᠠ | ᠳᠡᠯᠭᠡᠭᠦᠷ ᠢ ᠳᠠᠬᠢᠨ ᠪᠠᠶᠢᠴᠠᠭᠠᠵᠤ᠂ ᠭᠠᠯ ᠤᠨ ᠭᠠᠮᠰᠢᠭ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠴᠠᠭ | ᠲᠤᠬᠠᠶ ᠳᠤᠨᠢ ᠠᠷᠢᠯᠭᠠᠨ᠂ ᠴᠡᠭᠴᠡᠯᠡᠨ ᠰᠠᠶᠢᠵᠢᠷᠠᠭᠤᠯᠤᠯᠲᠠ ᠶᠢᠨ ᠳᠠᠬᠢᠨ ᠡᠭᠦᠰᠬᠦ ᠶᠢ ᠪᠦᠲᠦᠮᠵᠢᠲᠡᠶ ᠰᠡᠷᠭᠡᠶᠢᠯᠡᠨ᠎ᠡ᠃ | ᠰᠠᠯᠪᠤᠷᠢ ᠠᠩᠭᠢ ᠨᠢ ︽ᠶᠡᠭᠡ ᠨᠢᠭᠡᠴᠡ ᠪᠠᠭ᠎ᠠ ᠲᠠᠯᠠᠪᠤᠷ ᠭᠠᠵᠠᠷ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ | ᠬᠠᠭᠤᠴᠢᠨ ᠣᠷᠣᠨ ᠪᠦᠰᠡ︾ ᠶᠢᠨ ᠲᠠᠯᠠᠪᠤᠷ ᠭᠠᠵᠠᠷ ᠤᠨ ᠲᠤᠭ᠎ᠠ ᠣᠯᠠᠨ᠂ ᠲᠠᠷᠠᠬᠠᠶ ᠪᠤᠲᠠᠷᠬᠠᠶ ᠪᠠᠶᠢᠬᠤ | ᠣᠨᠴᠠᠯᠢᠭ ᠲᠤ ᠴᠢᠭᠯᠡᠭᠦᠯᠦᠨ᠂ ᠭᠠᠯ ᠤᠨᠲᠠᠷᠠᠭᠠᠬᠤ ᠤᠬᠠᠭᠤᠯᠤᠭᠴᠢ᠂ ᠰᠢᠶᠠᠩ ᠪᠠᠯᠭᠠᠰᠤ ᠶᠢᠨ ᠲᠤᠤᠷᠴᠢᠯᠠᠯ ᠤᠨ | ᠠᠵᠢᠯᠲᠠᠨ᠂ ᠭᠠᠯ ᠤᠨᠲᠠᠷᠠᠭᠠᠬᠤ ᠰᠠᠶᠢᠨ ᠳᠤᠷᠠᠴᠤᠳ᠂ ᠪᠢᠴᠢᠭ ᠤᠨ ᠲᠤᠰᠢᠶᠠᠯᠲᠤ ᠤᠬᠠᠭᠤᠯᠭ᠎ᠠ ᠶᠢᠨ ᠪᠠᠭ᠎ᠠ | ᠬᠤᠪᠢᠶᠠᠷᠢ ᠠᠩᠭᠢ ᠵᠡᠷᠭᠡ ᠬᠦᠴᠦᠨ ᠢ ᠢᠳᠡᠪᠬᠢᠲᠡᠶ ᠪᠠᠷ ᠪᠠᠳᠠᠷᠠᠭᠤᠯᠵᠤ᠂ ᠡᠯ᠎ᠡ ᠲᠥᠷᠥᠯ ᠤᠨ ᠲᠠᠯᠠᠪᠤᠷ ᠭᠠᠵᠠᠷ ᠲᠤ | ᠭᠦᠨᠵᠡᠭᠡᠶᠢᠷᠡᠨ ᠰᠠᠨᠠᠭᠤᠯᠤᠨ ᠰᠤᠷᠭᠠᠬᠤ ᠠᠵᠢᠯ ᠥᠷᠨᠢᠭᠦᠯᠦᠨ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ | ᠬᠤᠲᠠ ᠶᠢᠨ ᠠᠷᠠᠳ ᠣᠯᠠᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠦᠨ᠂ | ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠵᠤ᠂ ᠪᠦᠬᠦ ᠬᠤᠲᠠ ᠶᠢᠨ ᠭᠠᠯ ᠤᠨᠲᠠᠷᠠᠭᠠᠵᠤ | ᠠᠶᠤᠯ ᠠᠴᠠ ᠬᠠᠮᠠᠭᠠᠯᠠᠬᠤ ᠣᠷᠴᠢᠨ ᠲᠣᠭᠤᠷᠢᠨ ᠢ ᠴᠡᠪᠡᠷᠰᠢᠭᠦᠯᠬᠦ ᠬᠡᠷᠡᠭᠲᠡᠶ᠃ |