ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠨᠠᠩ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠨ᠎ᠠ
ᠨᠡᠶᠢᠲᠡᠯᠡᠭᠰᠡᠨ ᠴᠠᠭ᠄
2024/12/4
    ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠡᠭᠦᠷᠭᠡ ᠮᠥᠨ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ︽ᠲᠣᠭᠲᠠᠭᠠᠯ︾ ᠳᠤ᠄ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠠᠤᠯᠢ ᠶᠢ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠳᠬᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠠᠤᠯᠢ ᠶᠢ ᠲᠣᠭᠲᠠᠭᠠᠬᠤ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠡᠷᠭᠢᠯᠡᠬᠦ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠨᠠᠩ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠬᠤ ᠳᠤ ᠠᠰᠢᠭᠲᠠᠶ ᠶᠤᠮ᠃    ᠳᠤᠮᠳᠠᠳᠤ ᠶᠢᠨ ᠦᠨᠳᠦᠰᠦᠲᠡᠨ ᠤ ᠪᠦᠷᠢᠯᠳᠦᠨ ᠬᠥᠭᠵᠢᠭᠰᠡᠨ ᠲᠡᠦᠬᠡᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠠᠤᠯᠢ ᠶᠢ ᠲᠣᠭᠲᠠᠭᠠᠬᠤ ᠶᠢᠨ ᠴᠢᠬᠤᠯᠠ ᠠᠴᠢ ᠬᠤᠯᠪᠣᠭᠳᠠᠯ᠃ ᠬᠠᠤᠯᠢ ᠴᠠᠭᠠᠵᠠ ᠪᠣᠯ ᠨᠢᠭᠡ ᠵᠦᠢᠯ ᠤᠨ ᠵᠢᠷᠤᠮᠵᠢᠯ ᠮᠥᠨ᠂ ᠪᠠᠰᠠ ᠴᠤ ᠨᠢᠭᠡ ᠵᠦᠢᠯ ᠤᠨ ᠰᠣᠶᠣᠯ ᠮᠥᠨ᠂ ᠲᠡᠷᠡ ᠨᠢ ᠤᠯᠤᠰ ᠤᠨ ᠵᠣᠷᠢᠭ ᠰᠠᠨᠠᠭ᠎ᠠ ᠶᠢ ᠲᠤᠰᠬᠠᠬᠤ ᠮᠥᠷᠲᠡᠭᠡᠨ ᠪᠠᠰᠠ ᠲᠡᠦᠬᠡᠨ ᠲᠤᠷᠰᠢᠯᠭ᠎ᠠ ᠶᠢ ᠳ᠋ᠦᠩᠨᠡᠵᠦ᠂ ᠨᠡᠩ ᠴᠤ ᠢᠷᠡᠭᠡᠳᠦᠢ ᠶᠢᠨ ᠠᠯᠤᠰ ᠤᠨ ᠲᠥᠯᠥᠪ ᠢ ᠢᠯᠡᠷᠡᠭᠦᠯᠵᠦ ᠪᠠᠶᠢᠳᠠᠭ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠠᠤᠯᠢ ᠶᠢ ᠲᠣᠭᠲᠠᠭᠠᠬᠤ ᠨᠢ ᠴᠢᠬᠤᠯᠠ ᠲᠡᠦᠬᠡᠲᠦ ᠠᠴᠢ ᠬᠤᠯᠪᠣᠭᠳᠠᠯ ᠪᠠ ᠠᠬᠤᠶᠢᠴᠢ ᠠᠴᠢ ᠬᠤᠯᠪᠣᠭᠳᠠᠯ ᠲᠠᠢ ᠶᠤᠮ᠂ ᠬᠠᠤᠯᠢ ᠲᠣᠭᠲᠠᠭᠠᠬᠤ ᠡᠭᠦᠳᠡᠨ ᠠᠴᠠ ᠣᠶᠢᠯᠠᠭᠠᠬᠤ ᠪᠠᠷ ᠪᠠᠷᠠᠬᠤ ᠦᠭᠡᠢ᠂ ᠨᠡᠩ ᠴᠤ ᠳᠤᠮᠳᠠᠳᠤ ᠶᠢᠨ ᠦᠨᠳᠦᠰᠦᠲᠡᠨ ᠤ ᠪᠦᠷᠢᠯᠳᠦᠨ ᠬᠥᠭᠵᠢᠭᠰᠡᠨ ᠲᠡᠦᠬᠡ ᠠᠴᠠ ᠡᠵᠡᠮᠰᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠤ ᠲᠡᠦᠬᠡ ᠲᠠᠢ ᠠᠭᠤᠤ ᠶᠡᠭᠡ ᠦᠨᠳᠦᠰᠦᠲᠡᠨ ᠮᠥᠨ᠂ ᠦᠨᠳᠦᠰᠦᠲᠡᠨ ᠨᠦᠭᠦᠳ ᠤᠷᠳᠤ ᠬᠤᠭᠤᠴᠠᠭᠠᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠳᠤᠮᠳᠠ ᠥᠷᠭᠡᠨ ᠠᠭᠤᠳᠠᠮ ᠨᠤᠲᠤᠭ ᠳᠡᠪᠢᠰᠬᠡᠷ ᠢ ᠬᠠᠮᠲᠤ ᠪᠠᠷ ᠨᠡᠭᠡᠭᠡᠵᠦ᠂ ᠨᠢᠭᠡᠳᠦᠭᠰᠡᠨ ᠤᠯᠠᠨ ᠦᠨᠳᠦᠰᠦᠲᠡᠨ ᠲᠠᠢ ᠤᠯᠤᠰ ᠢ ᠬᠠᠮᠲᠤ ᠪᠠᠷ ᠴᠣᠭᠴᠠᠯᠠᠨ᠂ ᠭᠡᠷᠡᠯ ᠰᠠᠴᠤᠷᠠᠩᠭᠤᠢ ᠲᠡᠦᠬᠡ ᠶᠢ ᠬᠠᠮᠲᠤ ᠪᠠᠷ ᠪᠢᠴᠢᠭᠯᠡᠵᠦ ᠂ ᠭᠡᠷᠡᠯ ᠰᠠᠴᠤᠷᠠᠩᠭᠤᠢ ᠰᠣᠶᠣᠯ ᠢ ᠬᠠᠮᠲᠤ ᠪᠠᠷ ᠡᠭᠦᠳᠦᠨ ᠪᠦᠲᠦᠭᠡᠵᠦ᠂ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠲᠤ ᠪᠠᠷ ᠪᠤᠶᠢᠵᠢᠭᠤᠯᠤᠭᠰᠠᠨ ᠶᠤᠮ᠃ ᠬᠠᠷ᠎ᠠ ᠲᠠᠮᠠᠬᠢ ᠶᠢᠨ ᠲᠠᠶᠢᠨ ᠤ ᠲᠠᠷᠠᠭ᠎ᠠ᠂ ᠳᠤᠮᠳᠠᠳᠤ ᠤᠯᠤᠰ ᠤᠨ ᠠᠷᠠᠳ ᠲᠦᠮᠡᠨ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠥᠭᠡᠯᠡᠯᠲᠡ ᠶᠢᠨ ᠲᠥᠯᠥᠭᠡ ᠠᠭᠤᠤ ᠶᠡᠭᠡ ᠲᠡᠮᠡᠴᠡᠯ ᠥᠷᠨᠢᠭᠦᠯᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠳᠦᠷᠪᠡᠨ ᠵᠦᠭ ᠨᠠᠢᠮᠠᠨ ᠵᠣᠪᠬᠢᠰ ᠠᠴᠠ ᠢᠷᠡᠭᠰᠡᠨ ᠳᠤᠮᠳᠠᠳᠤ ᠶᠢᠨ ᠬᠥᠪᠡᠭᠦᠳ ᠥᠬᠢᠳ ᠨᠠᠮ ᠤᠨ ᠲᠤᠭ ᠤᠨ ᠳᠣᠣᠷ᠎ᠠ ᠨᠢᠭᠲᠠᠷᠠᠨ ᠪᠦᠯᠬᠦᠮᠳᠡᠵᠦ᠂ ᠭᠠᠳᠠᠭᠠᠳᠤ ᠶᠢᠨ ᠳᠤᠷᠤᠮᠵᠢᠯᠠᠯ ᠢ ᠬᠠᠮᠲᠤ ᠪᠠᠷ ᠡᠰᠡᠷᠭᠦᠴᠡᠨ᠂ ᠤᠯᠤᠰ ᠣᠷᠣᠨ ᠤ ᠠᠶᠤᠯ ᠵᠣᠪᠠᠯᠠᠩ ᠢ ᠬᠠᠮᠲᠤ ᠪᠠᠷ ᠲᠤᠭᠤᠯᠵᠤ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠲᠡᠦᠬᠡᠨ ᠳᠡᠭᠡᠷ᠎ᠡ ᠠᠩᠬ᠎ᠠ ᠤᠳᠠᠭ᠎ᠠ ᠵᠢᠩᠬᠢᠨᠢ ᠡᠷᠬᠡ ᠲᠡᠭᠰᠢ ᠤᠯᠤᠰ ᠲᠦᠷᠦ ᠶᠢᠨ ᠡᠷᠬᠡ ᠶᠢ ᠣᠯᠵᠤ᠂ ᠬᠠᠮᠲᠤ ᠪᠠᠷ ᠡᠷᠬᠡ ᠮᠡᠳᠡᠵᠦ ᠡᠵᠡᠨ ᠰᠠᠭᠤᠭᠠᠳ᠂ ᠦᠨᠳᠦᠰᠦᠲᠡᠨ ᠨᠦᠭᠦᠳ ᠤᠨ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠡᠶ᠎ᠡ ᠵᠣᠬᠢᠴᠠᠯ ᠲᠠᠢ ᠬᠠᠷᠢᠴᠠᠭ᠎ᠠ ᠶᠢ ᠬᠥᠭᠵᠢᠭᠦᠯᠬᠦ ᠰᠢᠨ᠎ᠡ ᠴᠠᠭ ᠦᠶ᠎ᠡ ᠶᠢ ᠨᠡᠭᠡᠭᠡᠭᠰᠡᠨ ᠪᠠᠶᠢᠨ᠎ᠠ᠃ ᠰᠢᠨ᠎ᠡ ᠴᠠᠭ ᠦᠶ᠎ᠡ ᠠᠴᠠ ᠨᠠᠭᠠᠰᠢ᠂ ᠮᠠᠨ ᠤ ᠨᠠᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠪᠠᠷ ᠲᠣᠳᠣᠷᠬᠠᠢ ᠳᠤᠷᠠᠳᠴᠠᠢ᠃ ᠦᠨᠳᠦᠰᠦᠲᠡᠨ ᠨᠦᠭᠦᠳ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠡᠶ᠎ᠡ ᠵᠣᠬᠢᠴᠠᠯ ᠲᠠᠢ ᠵᠡᠷᠭᠡᠴᠡᠨ ᠣᠷᠣᠰᠢᠵᠤ᠂ ᠠᠬ᠎ᠠ ᠳᠡᠭᠦᠦ ᠮᠡᠲᠦ ᠳᠣᠲᠣᠨᠣ ᠶᠠᠪᠤᠯᠴᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠵᠢᠷᠭᠠᠯ ᠵᠣᠪᠠᠯ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠨᠡᠩ ᠪᠠᠬᠢᠵᠢᠭᠦᠯᠪᠡ᠃ ᠭᠠᠭᠴᠠ ᠬᠦ ᠳᠤᠮᠳᠠᠳᠤ ᠶᠢᠨ ᠪᠣᠯᠪᠠᠰᠤᠨ ᠤ ᠲᠡᠦᠬᠡ ᠶᠢᠨ ᠭᠦᠨ ᠬᠠᠷᠠᠭᠠᠰᠤ ᠠᠴᠠ ᠪᠢᠳᠡ ᠰᠠᠶ᠋ᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠠᠤᠯᠢ ᠶᠢ ᠲᠣᠭᠲᠠᠭᠠᠬᠤ ᠨᠢ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠨᠡᠩ ᠭᠦᠨᠵᠡᠭᠡᠢ ᠤᠢᠢᠯᠠᠭᠠᠨ ᠡᠵᠡᠮᠰᠢᠵᠦ ᠴᠢᠳᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠠᠤᠯᠢ ᠶᠢ ᠲᠣᠭᠲᠠᠭᠠᠭᠰᠠᠨ ᠨᠢ ᠰᠦᠷ ᠳᠠᠯᠠᠶᠢᠴᠠᠲᠠᠢ ᠳᠤᠮᠳᠠᠳᠤ ᠶᠢᠨ ᠦᠨᠳᠦᠰᠦᠲᠡᠨ ᠤ ᠲᠤᠤᠯᠢᠰ ᠢ ᠬᠠᠤᠯᠢ ᠴᠠᠭᠠᠵᠠ ᠪᠠᠷ ᠪᠢᠴᠢᠭᠯᠡᠭᠰᠡᠨ ᠲᠡᠳᠦᠢ ᠦᠭᠡᠢ᠂ ᠪᠠᠰᠠ ᠴᠤ ᠮᠠᠨ ᠤ ᠨᠠᠮ ᠤᠨ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ ᠤᠯᠤᠰ ᠤᠨ ᠣᠨᠴᠠᠯᠢᠭ ᠪᠦᠬᠦᠢ ᠵᠥᠪ ᠵᠠᠮ ᠢ ᠰᠦᠪᠡᠭᠴᠢᠯᠡᠭᠰᠡᠨ᠂ ᠪᠦᠷᠢᠯᠳᠦᠭᠦᠯᠦᠭᠰᠡᠨ᠂ ᠥᠷᠭᠡᠳᠬᠡᠭᠰᠡᠨ ᠲᠡᠦᠬᠡᠨ ᠲᠤᠷᠰᠢᠯᠭ᠎ᠠ ᠶᠢᠨ ᠳ᠋ᠦᠩᠨᠡᠯᠲᠡ ᠮᠥᠨ᠂ ᠪᠠᠰᠠ ᠴᠤ ᠮᠡᠳᠡᠷᠡᠬᠦ ᠬᠡᠮᠵᠢᠶ᠎ᠡ ᠪᠠᠷ ᠨᠡᠩ ᠥᠨᠳᠥᠷ᠂ ᠨᠢᠭᠲᠠᠷᠠᠯ ᠤᠨ ᠬᠦᠴᠦᠨ ᠢᠶᠠᠷ ᠨᠡᠩ ᠴᠢᠩᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠪᠠᠲᠤ ᠪᠠᠬᠢ ᠬᠠᠤᠯᠢ ᠪᠠᠷ ᠵᠠᠰᠠᠬᠤ ᠰᠠᠭᠤᠷᠢ ᠶᠢ ᠲᠠᠯᠪᠢᠭᠰᠠᠨ ᠪᠠᠶᠢᠨ᠎ᠠ᠃    ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠬᠤ ᠬᠡᠷᠡᠭᠲᠡᠶ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠠᠤᠯᠢ ᠶᠢ ᠲᠣᠭᠲᠠᠭᠠᠬᠤ ᠳᠤ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠶ ᠱᠦᠵᠢ ᠰᠢ ᠶᠢᠨ ᠫᠢᠩ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠨᠣᠯ ᠤᠨ ᠠᠩᠬᠠᠨ ᠤ ᠡᠭᠦᠳᠦᠯᠲᠡ ᠶᠢᠨ ᠴᠢᠨᠠᠷᠲᠠᠶ᠂ ᠤᠯᠤᠰ ᠲᠥᠷᠥ ᠶᠢᠨ ᠬᠥᠲᠥᠯᠦᠨ ᠳᠠᠭᠠᠭᠤᠯᠬᠤ ᠴᠢᠨᠠᠷᠲᠠᠶ᠂  ᠦᠢᠯᠡᠳᠦᠯᠭᠡ ᠶᠢᠨ ᠵᠢᠯᠣᠭᠤᠳᠬᠤ ᠴᠢᠨᠠᠷᠲᠠᠶ ᠠᠯᠢ ᠣᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠠᠷᠭ᠎ᠠ ᠬᠡᠮᠵᠢᠶ᠎ᠡ ᠰᠢᠨ᠎ᠡ ᠱᠠᠭᠠᠷᠳᠠᠯᠭ᠎ᠠ ᠶᠢ ᠳᠤᠷᠠᠳᠤᠨ ᠭᠠᠷᠭᠠᠵᠠᠶ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠨᠢ ︽ᠬᠤᠶᠠᠷ ᠢ ᠤᠶᠠᠯᠳᠤᠭᠤᠯᠬᠤ︾ ᠶᠢ ᠪᠠᠷᠢᠮᠲᠠᠯᠠᠵᠤ᠂ ᠨᠠᠮ ᠤᠨ ᠵᠠᠭᠤ ᠭᠠᠷᠤᠶ ᠵᠢᠯ ᠤᠨ ᠲᠤᠷᠰᠢᠬᠢ ᠦᠨᠳᠦᠰᠦᠲᠡᠨ ᠤ ᠠᠵᠢᠯ ᠤᠨ ᠬᠥᠭᠵᠢᠯᠲᠡ ᠶᠢᠨ ᠶᠠᠪᠤᠴᠠ ᠢᠯᠠᠩᠭᠤᠶ᠎ᠠ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠪᠠ ᠡᠷᠬᠢᠮ ᠨᠠᠨᠳᠢᠨ ᠲᠤᠷᠰᠢᠯᠭ᠎ᠠ ᠶᠢᠨ ᠰᠢᠨᠵᠢᠯᠡᠬᠦ ᠤᠬᠠᠭᠠᠨᠴᠢ ᠳ᠋ᠦᠩᠨᠡᠯᠲᠡ ᠪᠠᠶᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢ ᠤᠯᠠᠮ ᠴᠢᠨᠠᠭᠰᠢᠳᠠ ᠥᠷᠭᠡᠳᠬᠡᠵᠦ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠶ ᠪᠠᠶᠢᠳᠠᠯ ᠢ ᠨᠡᠭᠡᠭᠡᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠵᠥᠪ ᠴᠢᠭᠯᠡᠯ ᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠶ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠨᠢ ᠦᠨᠳᠦᠰᠦᠲᠡᠨ ᠤ ᠡᠷᠬᠡ ᠲᠡᠭᠰᠢ᠂ ᠦᠨᠳᠦᠰᠦᠲᠡᠨ ᠤ ᠪᠦᠯᠬᠦᠮᠳᠡᠯ ᠵᠡᠷᠭᠡ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠤᠨ ᠣᠬᠢ ᠰᠣᠳᠣ ᠶᠢ ᠭᠦᠨᠵᠡᠭᠡᠶ ᠡᠵᠡᠮᠰᠢᠵᠦ᠂ ᠳᠤᠮᠳᠠᠳᠤ ᠶᠢᠨ ᠪᠣᠯᠪᠠᠰᠤᠨ ᠤ ᠲᠣᠪᠤᠶᠢᠮ᠎ᠠ ᠣᠨᠴᠠᠯᠢᠭ ᠢ ᠭᠦᠨᠵᠡᠭᠡᠶ ᠢᠯᠡᠷᠡᠭᠦᠯᠵᠦ᠂ ᠦᠵᠡᠯ ᠰᠠᠨᠠᠭ᠎ᠠ ᠣᠶᠢᠯᠠᠭᠠᠭᠳᠠᠬᠤᠨ ᠤ ᠲᠠᠯ᠎ᠠ ᠪᠠᠷ ᠰᠢᠨ᠎ᠡ ᠶᠢ ᠡᠭᠦᠳᠬᠦ ᠮᠥᠷᠲᠡᠭᠡᠨ ᠪᠠᠰᠠ ᠠᠵᠢᠯ ᠤᠨ ᠠᠷᠭ᠎ᠠ ᠶᠢᠨ ᠵᠢᠯᠣᠭᠤᠳᠣᠯᠭ᠎ᠠ ᠲᠠᠢ ᠪᠠᠶᠢᠵᠤ᠂ ᠨᠠᠮ ᠤᠨ ᠦᠨᠳᠦᠰᠦᠲᠡᠨ ᠤ ᠠᠵᠢᠯ ᠤᠨ ᠣᠨᠣᠯ ᠪᠠ ᠦᠢᠯᠡᠳᠦᠯᠭᠡ ᠶᠢᠨ ᠣᠶᠤᠨ ᠤᠬᠠᠭᠠᠨ ᠤ ᠣᠬᠢ ᠪᠦᠲᠦᠭᠡᠯ ᠮᠥᠨ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠠᠤᠯᠢ ᠶᠢ ᠲᠣᠭᠲᠠᠭᠠᠬᠤ ᠳᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠠᠴᠠ ᠦᠨᠳᠦᠰᠦᠲᠡᠨ ᠤ ᠠᠰᠠᠭᠤᠳᠠᠯ ᠢ ᠡᠵᠡᠮᠳᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠡᠷᠬᠢᠮ ᠨᠠᠨᠳᠢᠨ ᠲᠤᠷᠰᠢᠯᠭ᠎ᠠ ᠶᠢ ᠬᠠᠤᠯᠢ ᠴᠠᠭᠠᠵᠠ ᠶᠢᠨ ᠬᠡᠯᠪᠡᠷᠢ ᠪᠠᠷ ᠲᠣᠭᠲᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠠᠤᠯᠢᠵᠢᠯ ᠤᠨ ᠵᠠᠮ ᠢᠶᠠᠷ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠬᠠᠤᠯᠢ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠬᠠᠤᠯᠢ ᠴᠠᠭᠠᠵᠠ ᠮᠥᠨ᠂ ᠲᠦᠷᠢᠮ ᠢ ᠬᠡᠷᠡᠭᠵᠢᠭᠦᠯᠬᠦ ᠴᠢᠨᠠᠷ ᠢ ᠴᠢᠬᠤᠯᠠᠴᠢᠯᠠᠬᠤ ᠮᠥᠷᠲᠡᠭᠡᠨ ᠨᠡᠩ ᠴᠤ ᠴᠢᠭᠯᠡᠯ ᠤᠨ ᠵᠢᠯᠣᠭᠤᠳᠬᠤ ᠴᠢᠨᠠᠷ ᠢ ᠲᠤᠪᠤᠶᠢᠯᠭᠠᠬᠤ ᠬᠡᠷᠡᠭᠲᠡᠢ︔ ᠣᠳᠣᠬᠠᠨ ᠤ ᠬᠡᠷᠡᠭᠵᠢᠭᠦᠯᠦᠯᠲᠡ ᠶᠢ ᠠᠩᠬᠠᠷᠬᠤ ᠮᠥᠷᠲᠡᠭᠡᠨ ᠨᠠᠩ ᠴᠤ ᠠᠯᠤᠰ ᠬᠡᠲᠦ ᠶᠢᠨ ᠦᠷ᠎ᠡ ᠪᠦᠲᠦᠮᠵᠢ ᠶᠢ ᠳᠣᠪᠤᠶᠢᠯᠭᠠᠬᠤ ᠬᠡᠷᠡᠭᠲᠡᠶ︔ ᠪᠣᠳᠠᠲᠠᠢ ᠲᠦᠷᠦ ᠶᠢᠨ ᠪᠤᠳᠤᠯᠭ᠎ᠠ ᠶᠢ ᠪᠣᠳᠣᠯᠬᠢᠯᠠᠬᠤ ᠮᠥᠷᠲᠡᠭᠡᠨ ᠨᠡᠩ ᠴᠤ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠲᠤᠪᠤᠶᠢᠯᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠪᠣᠯ ᠤᠷᠳᠤ ᠤᠳᠠᠭᠠᠨ ᠲᠡᠦᠬᠡᠨ ᠶᠠᠪᠤᠴᠠ ᠳᠤ ᠪᠦᠷᠢᠯᠳᠦᠭᠰᠡᠨ ᠦᠨᠳᠦᠰᠦᠲᠡᠨ ᠤ ᠪᠣᠳᠠᠲᠤ ᠴᠣᠭᠴᠠ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠳᠤ ᠤᠯᠤᠰ ᠲᠦᠷᠦ ᠶᠢᠨ ᠨᠢᠭᠲᠠᠷᠠᠯ ᠤᠨ ᠬᠦᠴᠦᠨ ᠪᠠ ᠰᠣᠶᠣᠯ ᠤᠨ ᠮᠡᠳᠡᠷᠡᠮᠵᠢ ᠳᠤ ᠲᠦᠰᠢᠭᠯᠡᠬᠦ ᠪᠠᠷ ᠪᠠᠷᠠᠬᠤ ᠦᠭᠡᠢ ᠨᠡᠩ ᠴᠤ ᠤᠳᠤ ᠦᠶ᠎ᠡ ᠶᠢᠨ ᠬᠠᠤᠯᠢ ᠪᠠᠷ ᠵᠠᠰᠠᠬᠤ ᠬᠦᠴᠦᠨ ᠳᠤ ᠲᠦᠰᠢᠭᠯᠡᠬᠦ ᠬᠡᠷᠡᠭᠲᠡᠢ᠃ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠪᠣᠯᠤᠨ ᠬᠠᠲᠠᠭᠤ ᠪᠡᠷᠬᠡ ᠡᠭᠦᠷᠭᠡ ᠶᠢᠨ ᠡᠮᠦᠨ᠎ᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠬᠦ ᠪᠠᠷ ᠳᠡᠮᠵᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ  ᠦᠢᠯᠡᠰ ᠢ ᠯᠠᠪᠳᠠᠭᠤᠨ ᠪᠠᠲᠤᠲᠠᠶ ᠠᠬᠢᠭᠤᠯᠵᠤ᠂ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠲᠤᠯᠭᠠᠮ ᠱᠠᠭᠠᠷᠳᠠᠵᠤ ᠪᠠᠶᠢᠨ᠎ᠠ᠃ ᠦᠨᠳᠦᠰᠦᠨ ᠬᠠᠤᠯᠢ ᠳᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠢᠶᠠᠨ ᠴᠣᠭᠴᠠᠯᠠᠨ ᠪᠠᠶᠢᠭᠤᠯᠤᠭᠰᠠᠨ ᠤᠯᠠᠨ ᠦᠨᠳᠦᠰᠦᠲᠡᠨ ᠪᠦᠬᠦᠢ ᠨᠢᠭᠡᠳᠦᠭᠰᠡᠨ ᠤᠯᠤᠰ ᠮᠥᠨ︾ ᠭᠡᠵᠦ ᠴᠢᠬᠤᠯᠠᠴᠢᠯᠠᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠠᠤᠯᠢ ᠨᠢ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠲᠠᠢ ᠬᠠᠷᠢᠯᠴᠠᠨ ᠨᠥᠬᠦᠪᠥᠷᠢᠯᠡᠵᠦ᠂ ᠬᠠᠷᠢᠯᠴᠠᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠠᠤᠯᠢ ᠴᠠᠭᠠᠵᠠ ᠶᠢᠨ ᠰᠠᠭᠤᠷᠢ ᠶᠢ ᠬᠠᠮᠲᠤ ᠪᠠᠷ ᠪᠠᠬᠢᠵᠢᠭᠦᠯᠵᠦ ᠴᠢᠳᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠠᠤᠯᠢ ᠶᠢᠨ ᠵᠠᠩᠭᠢᠯᠠᠭ᠎ᠠ ᠶᠢᠨ ᠦᠭᠡ ᠪᠣᠯ ︽ᠪᠦᠯᠬᠦᠮᠳᠡᠯ ︾ ᠪᠠ ︽ᠳᠠᠪᠰᠢᠯᠲᠠ︾ ᠪᠣᠯᠤᠨ᠎ᠠ᠃ ᠦᠨᠳᠦᠰᠦᠲᠡᠨ ᠤ ᠪᠦᠯᠬᠦᠮᠳᠡᠯ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ ᠪᠦᠯᠬᠦᠮᠳᠡᠯ ᠦᠭᠡᠢ ᠪᠣᠯ ᠠᠯᠢᠪᠠ ᠪᠦᠬᠦᠨ ᠢ ᠶᠠᠷᠢᠬᠤ ᠶᠢᠨ ᠠᠷᠭ᠎ᠠ ᠦᠭᠡᠢ ᠶᠤᠮ ᠃ ᠨᠡᠶᠢᠭᠡᠮ ᠤᠨ ᠳᠠᠪᠰᠢᠯᠲᠠ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ ᠮᠥᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠴᠥᠮ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠢ ᠳᠠᠭᠠᠵᠤ᠂ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠦᠨᠳᠦᠰᠦᠲᠡᠨ ᠤ ᠪᠦᠯᠬᠦᠮᠳᠡᠯ ᠨᠢ ᠨᠡᠶᠢᠭᠡᠮ ᠤᠨ ᠲᠠᠪᠰᠢᠯᠳᠠ ᠶᠢ ᠠᠬᠢᠭᠤᠯᠵᠤ᠂ ᠨᠡᠶᠢᠭᠡᠮ ᠤᠨ ᠲᠠᠪᠰᠢᠯᠳᠠ ᠨᠢ ᠦᠨᠳᠦᠰᠦᠲᠡᠨ ᠤ ᠪᠦᠯᠬᠦᠮᠳᠡᠯ ᠢ ᠨᠢᠭᠲᠠᠷᠠᠭᠤᠯᠵᠤ ᠴᠢᠳᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠠᠤᠯᠢ ᠶᠢᠨ ︽ᠠᠬᠢᠭᠤᠯᠬᠤ︾ ᠤᠳᠬ᠎ᠠ ᠨᠢ ᠬᠤᠪᠢ ᠵᠠᠶᠠᠭ᠎ᠠ ᠳᠤ ᠪᠤᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号