ᠬᠥᠬᠡᠬᠤᠲᠠ ᠶᠢᠨ ᠮᠦᠽᠧᠢ ᠰᠢᠨ᠎ᠡ ᠦᠵᠡᠰᠬᠦᠯᠡᠩ ᠳᠤ ᠭᠠᠷᠤᠯ᠎ᠠ
ᠨᠡᠶᠢᠲᠡᠯᠡᠭᠰᠡᠨ ᠴᠠᠭ᠄
2024/12/6
    ᠬᠥᠬᠡᠬᠤᠲᠠ ᠶᠢᠨ ᠮᠦᠽᠧᠢ ᠰᠢᠨ᠎ᠡ ᠦᠵᠡᠰᠬᠦᠯᠡᠩ ᠳᠤ ᠭᠠᠷᠤᠯ᠎ᠠ     ᠳᠡᠯᠭᠡᠨ ᠦᠵᠡᠭᠦᠯᠬᠦ ᠭᠠᠵᠠᠷ᠄ ᠬᠥᠬᠡᠬᠤᠲᠠ ᠶᠢᠨ ᠮᠦᠽᠧᠶ ᠶᠢᠨ ᠬᠤᠶᠠᠳᠤᠭᠠᠷ ᠠᠰᠠᠷ ᠤᠨ ᠡᠮᠦᠨ᠎ᠡ ᠦᠵᠡᠭᠦᠯᠦᠯᠭᠡ ᠶᠢᠨ ᠲᠢᠩᠬᠢᠮ    ᠦᠵᠡᠰᠬᠦᠯᠡᠩ ᠤᠨ ᠴᠠᠭ᠄ 2024 ᠣᠨ ᠤ 11 ᠰᠠᠷ᠎ᠠ ᠶᠢᠨ 27 ᠤ ᠡᠳᠦᠷ ᠠᠴᠠ 2025 ᠣᠨ ᠤ 3 ᠰᠠᠷ᠎ᠠ ᠶᠢᠨ 31 ᠤ ᠡᠳᠦᠷ 
00300787251_62fb7057.jpg
    ᠮᠠᠨ ᠤ ᠬᠤᠲᠠ ᠶᠢᠨ ᠮᠦᠽᠧᠶ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠥᠯᠥᠭᠡ᠂ ᠬᠥᠬᠡᠬᠤᠲᠠ ᠶᠢᠨ ᠮᠦᠽᠧᠶ ᠤᠯᠠᠭᠠᠨᠴᠠᠪ ᠬᠤᠲᠠ ᠶᠢᠨ ᠮᠦᠽᠧᠶ᠂ ᠥᠪᠥᠷ ᠮᠣᠩᠭᠤᠯ ᠤᠨ ᠮᠦᠽᠧᠶ᠂ ᠪᠤᠭᠤᠲᠤ ᠶᠢᠨ ᠮᠦᠽᠧᠶ ᠲᠠᠢ ᠬᠠᠮᠲᠤᠷᠠᠨ 4 ᠰᠠᠷ᠎ᠠ ᠶᠢᠨ ᠬᠤᠭᠤᠴᠠᠭ᠎ᠠ ᠲᠠᠢ ︽ᠡᠷᠲᠡᠨ ᠤ ᠳᠤᠮᠳᠠᠳᠤ ᠤᠯᠤᠰ ᠤᠨ ᠬᠦᠷᠡᠯ ᠲᠣᠯᠢ ᠶᠢᠨ ᠰᠣᠶᠣᠯ ᠤᠨ ᠦᠵᠡᠭᠦᠯᠦᠯᠭᠡ︾ ᠥᠷᠨᠢᠭᠦᠯᠬᠦ ᠪᠠᠷ ᠪᠣᠶ᠃ ᠦᠵᠡᠭᠦᠯᠦᠯᠭᠡ ᠨᠢ ︽ᠴᠢᠩ ᠤᠯᠤᠰ ᠤᠨ ᠭᠠᠤᠯᠢᠨ ᠳᠤᠮᠳᠠᠳᠤ ᠴᠢᠨ ᠤᠯᠤᠰ ᠠᠴᠠ ᠡᠮᠦᠨᠡᠬᠢ ᠦᠶ᠎ᠡ︾᠂ ︽ᠴᠢᠩ  ᠬᠠᠨ  ᠤ ᠦᠶ᠎ᠡ︾᠂ ︽ ᠰᠦᠶ ᠤᠯᠤᠰ ᠲᠠᠩ ᠤᠯᠤᠰ ᠤᠨ ᠦᠶ᠎ᠡ︾᠂ ︽ᠰᠣᠯᠪᠢᠴᠠᠨ ᠭᠡᠷᠡᠯᠲᠦᠭᠦᠯᠬᠦ ᠰᠦᠩ ᠤᠯᠤᠰ ᠯᠢᠶᠣᠤ ᠤᠯᠤᠰ ᠠᠯᠲᠠᠨ ᠤᠯᠤᠰ ᠶᠤᠸᠠᠨ ᠤᠯᠤᠰ ᠤᠨ ᠦᠶ᠎ᠡ︾᠂ ︽ᠢᠷᠠᠭᠤ ᠨᠠᠶᠢᠷᠠᠭ ᠮᠢᠩ ᠤᠯᠤᠰ ᠴᠢᠩ ᠤᠯᠤᠰ ᠤᠨ ᠦᠶ᠎ᠡ︾ ᠵᠡᠷᠭᠡ ᠲᠠᠪᠤᠨ ᠬᠡᠰᠡᠭ ᠢᠶᠠᠷ ᠪᠦᠷᠢᠯᠳᠦᠵᠦ᠂ ᠨᠡᠶᠢᠲᠡ 180 ᠭᠠᠷᠤᠶ ᠵᠡᠰ ᠲᠣᠯᠢ ᠶᠢ ᠳᠡᠯᠭᠡᠨ ᠦᠵᠡᠭᠦᠯᠵᠦ᠂ ᠴᠦᠨ ᠴᠢᠦ ᠪᠠᠶᠢᠯᠳᠤᠭᠠᠨᠲᠤ ᠤᠯᠤᠰ᠂ ᠬᠤᠶᠠᠷ ᠬᠠᠨ ᠤᠯᠤᠰ ᠰᠦᠶ ᠤᠯᠤᠰ ᠲᠠᠩ ᠤᠯᠤᠰ᠂ ᠰᠥᠩ ᠤᠯᠤᠰ ᠮᠢᠩ ᠤᠯᠤᠰ ᠴᠢᠩ ᠤᠯᠤᠰ ᠤᠨ ᠦᠶ᠎ᠡ ᠵᠡᠷᠭᠡ ᠶᠢ ᠰᠤᠨᠳᠠᠯᠠᠵᠤ᠂ ᠲᠤᠬᠠᠶ ᠶᠢᠨ ᠦᠶ᠎ᠡ ᠶᠢᠨ ᠨᠡᠶᠢᠭᠡᠮ ᠤᠨ ᠠᠮᠢᠳᠤᠷᠠᠯ ᠵᠢᠴᠢ ᠴᠠᠭ ᠦᠶ᠎ᠡ ᠶᠢᠨ ᠬᠡᠪ ᠰᠤᠷᠲᠠᠯ ᠢ ᠠᠮᠢᠳᠤᠯᠢᠭ ᠢᠶᠠᠷ ᠳᠠᠬᠢᠨ ᠢᠯᠡᠷᠡᠭᠦᠯᠵᠦ᠂ ᠳᠤᠮᠳᠠᠳᠤ ᠤᠯᠤᠰ ᠤᠨ ᠡᠷᠲᠡᠨ ᠤ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠴᠠᠭ ᠦᠶ᠎ᠡ ᠶᠢᠨ ᠰᠣᠶᠣᠯ ᠤᠨ ᠣᠨᠴᠠᠯᠢᠭ ᠪᠣᠯᠤᠨ ᠡᠯ᠎ᠡ ᠦᠨᠳᠦᠰᠦᠲᠡᠨ ᠤ ᠶᠠᠪᠤᠯᠴᠠᠭ᠎ᠠ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠪᠦᠲᠦᠭᠡᠯᠴᠢ ᠬᠦᠴᠦᠨ ᠢ ᠢᠯᠡᠷᠡᠭᠦᠯᠵᠡᠢ᠃      ᠦᠵᠡᠭᠦᠯᠦᠯᠭᠡ ᠶᠢᠨ ᠪᠣᠳᠠᠲᠤ ᠦᠵᠡᠮᠵᠢ     ᠡᠷᠲᠡᠨ ᠤ ᠳᠤᠮᠳᠠᠳᠤ ᠤᠯᠤᠰ ᠤᠨ ᠬᠦᠷᠡᠯ ᠲᠣᠯᠢ ᠶᠢᠨ ᠰᠣᠶᠣᠯ ᠤᠨ ᠦᠵᠡᠰᠬᠦᠯᠡᠩ
00300787255_72ba009c.jpg
    ᠳᠤᠮᠳᠠᠳᠤ ᠤᠯᠤᠰ ᠤᠨ ᠡᠷᠲᠡᠨ ᠤ ᠵᠡᠰ ᠲᠣᠯᠢ ᠶᠢᠨ ᠰᠣᠶᠣᠯ ᠤᠨ ᠦᠵᠡᠭᠦᠯᠦᠯᠭᠡ
00300787256_2d83a971.jpg
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号