ᠣᠶᠢᠷ᠎ᠠ ᠳᠤ᠂ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ | ᠵᠥᠪᠯᠡᠯ ᠤᠨ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ ᠪᠠᠶᠢᠭᠠᠯᠢ ᠶᠢᠨ | ᠡᠬᠢ ᠪᠠᠶᠠᠯᠢᠭ ᠤᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ᠂ ᠬᠥᠳᠡᠭᠡ ᠠᠵᠤ ᠠᠬᠤᠶ ᠬᠥᠳᠡᠭᠡ ᠲᠣᠰᠬᠤᠨ ᠤ | ᠶᠠᠮᠤᠨ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ᠂ ᠤᠯᠤᠰ ᠤᠨ ᠡᠨᠧᠷᠭᠢ ᠶᠢᠨ ᠲᠣᠪᠴᠢᠶ᠎ᠠ᠂ | ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ | ᠵᠥᠪᠳᠡᠯᠴᠡᠬᠦ ᠬᠤᠷᠠᠯ ᠬᠤᠷᠠᠯᠳᠤᠭᠤᠯᠵᠤ᠂ 12 ᠰᠠᠷ᠎ᠠ ᠶᠢᠨ ᠪᠥᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠠᠶᠤᠯ | ᠲᠦᠭᠰᠢᠭᠦᠷᠢ ᠶᠢᠨ ᠪᠠᠶᠢᠳᠠᠯ ᠢ ᠵᠥᠪᠳᠡᠯᠴᠡᠨ ᠰᠤᠳᠤᠯᠤᠨ ᠮᠠᠭᠠᠳᠯᠠᠪᠠ᠃ | ᠶᠡᠷᠦᠩᠬᠡᠶᠢᠯᠡᠭᠰᠡᠨ ᠵᠠᠳᠠᠯᠤᠯᠲᠠ ᠠᠴᠠ ᠦᠵᠡᠪᠡᠯ᠂ 12 ᠰᠠᠷ᠎ᠠ ᠳᠤ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ | ᠣᠷᠣᠨ ᠤ ᠶᠡᠬᠡᠩᠬᠢ ᠭᠠᠵᠠᠷ᠂ ᠰᠢᠨᠵᠢᠶᠠᠩ ᠵᠡᠷᠭᠡ ᠭᠠᠵᠠᠷ ᠤᠨ ᠬᠦᠢᠲᠡᠨ ᠠᠭᠤᠷ ᠠᠮᠢᠰᠬᠤᠯ ᠪᠣᠯᠤᠨ ᠪᠣᠷᠣᠭᠠᠨ | ᠴᠠᠰᠤ ᠶᠢᠨ ᠭᠠᠮᠰᠢᠭ ᠨᠡᠯᠢᠶᠡᠳ ᠶᠡᠭᠡ ᠪᠠᠶᠢᠨ᠎ᠠ᠃ ᠵᠢᠶᠠᠩᠨᠠᠨ᠂ ᠡᠮᠦᠨᠡᠲᠦ ᠣᠷᠣᠨ᠂ ᠪᠠᠷᠠᠭᠤᠨ ᠡᠮᠦᠨᠡᠲᠦ ᠣᠷᠣᠨ | ᠵᠡᠷᠭᠡ ᠬᠡᠰᠡᠭ ᠭᠠᠵᠠᠷ ᠲᠤ ᠣᠶ ᠰᠢᠭᠤᠶ ᠶᠢᠨ ᠭᠠᠯ ᠤᠨ ᠠᠶᠤᠯ ᠤᠨ ᠵᠡᠷᠭᠡ ᠳᠡᠰ ᠨᠡᠯᠢᠶᠡᠳ ᠥᠨᠳᠥᠷ ᠪᠠᠶᠢᠳᠠᠭ᠃ | ᠤᠮᠠᠷᠠᠲᠤ ᠣᠷᠣᠨ ᠤ ᠭᠤᠤᠯ ᠮᠥᠷᠡᠨ ᠤ ᠰᠥᠩ᠂ ᠭᠤᠤᠯ ᠤᠨ ᠪᠢᠲᠡᠭᠦᠮᠵᠢᠯᠡᠯᠲᠡ ᠶᠢᠨ ᠪᠠᠶᠢᠳᠠᠯ ᠤᠯᠠᠮ ᠨᠢᠭᠡ | ᠠᠯᠬᠤᠮ ᠬᠥᠭᠵᠢᠬᠦ ᠪᠣᠯᠤᠨ᠎ᠠ᠃ ᠯᠢᠶᠣᠤᠳᠦ᠋ᠩ ᠪᠤᠯᠤᠩ ᠪᠣᠯᠤᠨ ᠰᠢᠷ᠎ᠠ ᠲᠠᠩᠭᠢᠰ ᠤᠨ ᠬᠤᠶᠢᠲᠤ ᠬᠡᠰᠡᠭ ᠲᠤ 12 | ᠰᠠᠷ᠎ᠠ ᠶᠢᠨ ᠰᠢᠨᠡᠳ ᠢᠶᠠᠷ ᠠᠩᠬ᠎ᠠ ᠮᠥᠰᠥ ᠬᠥᠯᠳᠡᠬᠦ ᠪᠣᠯᠤᠨ᠎ᠠ᠃ ᠳᠤᠮᠳᠠᠳᠤ ᠡᠮᠦᠨᠡᠲᠦ ᠣᠷᠣᠨ᠂ ᠪᠠᠷᠠᠭᠤᠨ ᠡᠮᠦᠨᠡᠲᠦ | ᠣᠷᠣᠨ᠂ ᠪᠠᠷᠠᠭᠤᠨ ᠬᠤᠶᠢᠲᠤ ᠣᠷᠣᠨ ᠤ ᠬᠡᠰᠡᠭ ᠭᠠᠵᠠᠷ ᠲᠤ ᠭᠠᠵᠠᠷ ᠰᠢᠨᠵᠢᠯᠡᠭᠡᠨ ᠤ ᠭᠠᠮᠰᠢᠭ ᠭᠠᠷᠴᠤ ᠮᠡᠳᠡᠨ᠎ᠡ᠃ | ᠪᠣᠳᠠᠲᠠᠢ ᠪᠠᠷ ᠬᠡᠯᠡᠪᠡᠯ ᠳᠣᠣᠷᠠᠬᠢ ᠮᠡᠲᠦ᠄ | ᠨᠢᠭᠡ ᠳᠤ ᠬᠦᠢᠳᠡᠨ ᠠᠭᠤᠷ ᠠᠮᠢᠰᠬᠤᠯ ᠪᠠ ᠪᠣᠷᠣᠭᠠᠨ ᠴᠠᠰᠤ ᠶᠢᠨ ᠭᠠᠮᠰᠢᠭ ᠤᠨ ᠠᠶᠤᠯ ᠲᠦᠭᠰᠢᠭᠦᠷᠢ᠃ | ᠵᠢᠱᠢᠯᠲᠡ ᠪᠠᠷ 12 ᠰᠠᠷ᠎ᠠ ᠳᠤ᠂ ᠤᠮᠠᠷᠠᠲᠤ ᠣᠷᠣᠨ ᠤ ᠶᠡᠬᠡᠩᠬᠢ ᠬᠡᠰᠡᠭ᠂ ᠵᠡᠭᠦᠨ ᠬᠤᠶᠢᠲᠤ ᠶᠢᠨ ᠬᠤᠶᠢᠲᠤ ᠬᠡᠰᠡᠭ | ᠪᠣᠯᠤᠨ ᠪᠠᠷᠠᠭᠤᠨ ᠡᠮᠦᠨᠡᠲᠦ ᠬᠡᠰᠡᠭ᠂ ᠤᠮᠠᠷᠠᠲᠤ ᠣᠷᠣᠨ ᠤ ᠵᠡᠭᠦᠨ ᠬᠤᠶᠢᠲᠤ ᠬᠡᠰᠡᠭ᠂ ᠪᠠᠷᠠᠭᠤᠨ ᠡᠮᠦᠨᠡᠲᠦ | ᠣᠷᠣᠨ ᠤ ᠳᠤᠮᠳᠠ ᠪᠠᠷᠠᠭᠤᠨ ᠬᠡᠰᠡᠭ᠂ ᠪᠠᠷᠠᠭᠤᠨ ᠬᠤᠶᠢᠲᠤ ᠣᠷᠣᠨ ᠤ ᠵᠡᠭᠦᠨ ᠡᠮᠦᠨᠡᠲᠦ ᠬᠡᠰᠡᠭ᠂ ᠲᠥᠪᠡᠳ ᠤᠨ | ᠵᠡᠭᠦᠨ ᠡᠮᠦᠨᠡᠲᠦ ᠬᠡᠰᠡᠭ᠂ ᠰᠢᠨᠵᠢᠶᠠᠩ ᠤᠨ ᠬᠤᠶᠢᠲᠤ ᠬᠡᠰᠡᠭ᠂ ᠥᠪᠥᠷ ᠮᠣᠩᠭᠤᠯ ᠤᠨ ᠵᠡᠭᠦᠨ ᠬᠤᠶᠢᠲᠤ ᠬᠡᠰᠡᠭ | ᠵᠡᠷᠭᠡ ᠭᠠᠵᠠᠷ ᠲᠤ ᠬᠤᠷ᠎ᠠ ᠲᠣᠨᠣᠳᠠᠰᠤ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠠᠷᠪᠢᠨ ᠪᠠᠶᠢᠵᠤ᠂ | ᠱᠠᠲᠤ ᠦᠶᠡᠴᠢ ᠴᠢᠨᠠᠷᠲᠠᠶ ᠴᠢᠩᠭ᠎ᠠ ᠬᠦᠢᠲᠡᠨ ᠠᠭᠤᠷ ᠠᠮᠢᠰᠬᠤᠯ ᠮᠠᠨ ᠤ ᠤᠯᠤᠰ ᠢ ᠨᠥᠯᠥᠭᠡᠯᠡᠵᠦ᠂ ᠵᠡᠭᠦᠨ | ᠬᠤᠶᠢᠲᠤ ᠣᠷᠣᠨ᠂ ᠥᠪᠥᠷ ᠮᠣᠩᠭᠤᠯ ᠤᠨ ᠵᠡᠭᠦᠨ ᠬᠡᠰᠡᠭ᠂ ᠪᠠᠷᠠᠭᠤᠨ ᠬᠤᠶᠢᠲᠤ ᠣᠷᠣᠨ ᠤ ᠶᠡᠬᠡᠩᠬᠢ ᠭᠠᠵᠠᠷ᠂ | ᠰᠢᠨᠵᠢᠶᠠᠩ ᠵᠡᠷᠭᠡ ᠭᠠᠵᠠᠷ ᠲᠤ ᠬᠦᠢᠲᠡᠨ ᠠᠭᠤᠷ ᠠᠮᠢᠰᠬᠤᠯ ᠤᠨ ᠭᠠᠮᠰᠢᠭ ᠡᠭᠦᠰᠬᠦ ᠵᠡᠷᠭᠡ ᠠᠶᠤᠯ ᠲᠦᠭᠰᠢᠭᠦᠷᠢ | ᠨᠡᠯᠢᠶᠡᠳ ᠶᠡᠭᠡ ᠪᠣᠯᠤᠨ᠎ᠠ᠃ | ᠬᠤᠶᠠᠷ ᠲᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠦᠭᠰᠢᠭᠦᠷᠢ᠃ ᠴᠠᠭ ᠠᠭᠤᠷ ᠤᠨ | ᠬᠠᠨᠳᠤᠰᠢ᠂ ᠭᠠᠯ ᠤᠨ ᠠᠶᠤᠯ ᠤᠨ ᠵᠢᠮ᠎ᠡ ᠶᠣᠰᠣ ᠪᠣᠯᠤᠨ ᠭᠠᠯ ᠤᠨ ᠢᠷᠡᠯᠲᠡ ᠶᠢᠨ ᠣᠨᠴᠠᠯᠢᠭ ᠵᠡᠷᠭᠡ ᠬᠦᠴᠦᠨ | ᠵᠦᠢᠯ ᠢ ᠶᠡᠷᠦᠩᠬᠡᠶᠢᠯᠡᠭᠡᠳ᠂ 12 ᠳ᠋ᠤᠭᠠᠷ ᠰᠠᠷ᠎ᠠ ᠳᠤ ᠵᠧᠵᠢᠶᠠᠩ ᠤᠨ ᠪᠠᠷᠠᠭᠤᠨ ᠬᠡᠰᠡᠭ᠂ ᠠᠨᠾᠦ᠋ᠢ ᠶᠢᠨ ᠪᠠᠷᠠᠭᠤᠨ | ᠡᠮᠦᠨᠡᠲᠦ ᠬᠡᠰᠡᠭ᠂ ᠵᠢᠶᠠᠩᠰᠢ ᠶᠢᠨ ᠶᠡᠬᠡᠩᠬᠢ ᠬᠡᠰᠡᠭ᠂ ᠹᠦᠵᠢᠶᠠᠨ ᠤ ᠪᠠᠷᠠᠭᠤᠨ ᠬᠤᠶᠢᠲᠤ ᠬᠡᠰᠡᠭ᠂ ᠬᠤᠪᠧᠶ ᠶᠢᠨ | ᠵᠡᠭᠦᠨ ᠡᠮᠦᠨᠡᠲᠦ ᠬᠡᠰᠡᠭ᠂ ᠬᠤᠨᠠᠨ ᠤ ᠡᠮᠦᠨ᠎ᠡ ᠬᠡᠰᠡᠭ᠂ ᠭᠤᠸᠠᠩᠳᠦ᠋ᠩ ᠤᠨ ᠬᠤᠶᠢᠲᠤ ᠬᠡᠰᠡᠭ᠂ ᠭᠤᠸᠠᠩᠰᠢ ᠶᠢᠨ | ᠶᠡᠬᠡᠩᠬᠢ ᠬᠡᠰᠡᠭ᠂ ᠭᠦᠢᠵᠧᠦ ᠶᠢᠨ ᠡᠮᠦᠨ᠎ᠡ ᠬᠡᠰᠡᠭ᠂ ᠶᠦᠨᠨᠠᠨ ᠤ ᠵᠡᠭᠦᠨ ᠡᠮᠦᠨᠡᠲᠦ ᠬᠡᠰᠡᠭ ᠤᠨ ᠬᠡᠰᠡᠭ ᠭᠠᠵᠠᠷ | ᠣᠷᠣᠨ ᠤ ᠣᠶ ᠰᠢᠭᠤᠶ ᠶᠢᠨ ᠭᠠᠯ ᠤᠨ ᠠᠶᠤᠯ ᠤᠨ ᠵᠡᠷᠭᠡ ᠳᠡᠰ ᠨᠡᠯᠢᠶᠡᠳ ᠥᠨᠳᠥᠷ ᠪᠠᠶᠢᠨ᠎ᠠ᠃ ᠪᠦᠬᠦ ᠤᠯᠤᠰ ᠤᠨ | ᠨᠤᠲᠤᠭ ᠪᠡᠯᠴᠢᠭᠡᠷ ᠤᠨ ᠭᠠᠯ ᠤᠨ ᠠᠶᠤᠯ ᠤᠨ ᠳᠠᠭᠠᠳᠬᠠᠯ ᠤᠨ ᠳᠡᠰ ᠨᠢ ᠨᠡᠯᠢᠶᠡᠳ ᠳᠣᠣᠷ᠎ᠠ ᠪᠠᠶᠢᠨ᠎ᠠ᠃ | ᠭᠤᠷᠪᠠ ᠳᠤ ᠬᠠᠯᠢᠶ᠎ᠠ ᠦᠶᠡᠷ ᠤᠨ ᠲᠦᠭᠰᠢᠭᠦᠷᠢ᠃ ᠵᠢᠱᠢᠯᠲᠡ ᠪᠠᠷ 12 ᠳ᠋ᠤᠭᠠᠷ ᠰᠠᠷ᠎ᠠ ᠳᠤ᠂ ᠬᠠᠲᠤᠨ | ᠭᠤᠤᠯ ᠤᠨ ᠳᠡᠭᠡᠳᠦ ᠤᠷᠤᠰᠬᠠᠯ ᠤᠨ ᠥᠪᠥᠷ ᠮᠣᠩᠭᠤᠯ ᠤᠨ ᠭᠤᠤᠯ ᠤᠨ ᠬᠡᠰᠡᠭ ᠲᠤ 12 ᠳ᠋ᠤᠭᠠᠷ ᠰᠠᠷ᠎ᠠ ᠳᠤ | ᠠᠩᠬᠠᠨ ᠤ ᠪᠢᠲᠡᠭᠦᠮᠵᠢᠯᠡᠯ ᠢᠯᠡᠷᠡᠵᠦ᠂ ᠠᠩᠬᠠᠨ ᠤ ᠪᠢᠲᠡᠭᠦᠮᠵᠢᠯᠡᠯ ᠤᠨ ᠡᠳᠦᠷ ᠬᠤᠭᠤᠴᠠᠭ᠎ᠠ ᠨᠢ ᠡᠩ ᠤᠨ ᠵᠢᠯ ᠤᠨ | ᠠᠳᠠᠯᠢ ᠬᠤᠭᠤᠴᠠᠭᠠᠨ ᠤ ᠬᠢ ︵12 ᠳ᠋ᠤᠭᠠᠷ ᠰᠠᠷ᠎ᠠ ᠶᠢᠨ 3 ᠤ ᠡᠳᠦᠷ︶ ᠠᠴᠠ ᠣᠷᠦ᠋ᠢᠲᠠᠬᠤ ᠪᠣᠯᠤᠨ᠎ᠠ᠃ ᠵᠡᠭᠦᠨ | ᠬᠤᠶᠢᠲᠤ ᠣᠷᠣᠨ ᠤ ᠨᠤᠨ ᠮᠥᠷᠡᠨ᠂ ᠰᠤᠩᠭᠠᠷᠢ ᠮᠥᠷᠡᠨ᠂ ᠬᠠᠷᠠᠮᠥ᠋ᠷᠡᠨ᠂ ᠦᠰᠰᠤᠷᠢ ᠮᠥᠷᠡᠨ ᠵᠡᠷᠭᠡ ᠭᠤᠤᠯ | ᠪᠣᠯᠬᠤ ᠭᠤᠤᠯ ᠮᠥᠷᠡᠨ 12 ᠰᠠᠷ᠎ᠠ ᠶᠢᠨ ᠳᠤᠮᠳᠠᠴᠢ ᠠᠴᠠ ᠡᠮᠦᠨ᠎ᠡ ᠪᠥᠬᠦ ᠱᠤᠭᠤᠮ ᠢᠶᠠᠷ ᠬᠥᠯᠳᠡᠬᠦ ᠪᠣᠯᠬᠤᠷ ᠨᠢᠭᠲᠠ | ᠬᠢᠨᠠᠨ ᠬᠡᠮᠵᠢᠵᠦ᠂ ᠭᠤᠤᠯ ᠪᠢᠲᠡᠭᠦᠮᠵᠢᠯᠡᠬᠦ ᠬᠤᠭᠤᠴᠠᠭᠠᠨ ᠤ ᠡᠯ᠎ᠡ ᠵᠦᠢᠯ ᠤᠨ ᠰᠡᠷᠭᠡᠶᠢᠯᠡᠬᠦ ᠪᠡᠯᠡᠳᠬᠡᠯ ᠠᠵᠢᠯ ᠢ | ᠰᠠᠶᠢᠲᠤᠷ ᠬᠢᠵᠦ᠂ ᠰᠥᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ | ᠲᠦᠷᠪᠡ ᠳᠤ ᠲᠠᠯᠠᠢ ᠲᠠᠩᠭᠢᠰ ᠤᠨ ᠭᠠᠢ ᠭᠠᠮᠰᠢᠭ ᠤᠨ ᠠᠶᠤᠯ ᠲᠦᠭᠰᠢᠭᠦᠷᠢ᠃ ᠵᠢᠱᠢᠯᠲᠡ ᠪᠠᠷ 12 ᠰᠠᠷ᠎ᠠ ᠳᠤ᠂ | ᠬᠦᠢᠲᠡᠨ ᠠᠭᠠᠷ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠮᠠᠨ ᠤ ᠤᠯᠤᠰ ᠤᠨ ᠲᠡᠯᠡᠶ ᠳᠠᠭᠠᠤ | ᠣᠷᠣᠨ ᠳᠤ 4 - 5 ᠤᠳᠠᠭᠠᠨ ᠤ ᠭᠠᠮᠰᠢᠭᠲᠤ ᠲᠡᠯᠡᠶ ᠶᠢᠨ ᠳᠠᠪᠠᠯᠭᠠᠨ ᠡᠭᠦᠰᠬᠦ ᠪᠣᠯᠤᠨ᠎ᠠ᠃ ᠯᠢᠶᠣᠤᠳᠦ᠋ᠩ ᠪᠤᠯᠤᠩ | ᠪᠣᠯᠤᠨ ᠰᠢᠷ᠎ᠠ ᠲᠠᠩᠭᠢᠰ ᠤᠨ ᠬᠤᠶᠢᠲᠤ ᠬᠡᠰᠡᠭ ᠲᠤ 12 ᠳ᠋ᠤᠭᠠᠷ ᠰᠠᠷ᠎ᠠ ᠶᠢᠨ ᠰᠢᠨᠡᠳ ᠢᠶᠠᠷ ᠠᠩᠬ᠎ᠠ ᠮᠥᠰᠥ ᠭᠠᠷᠴᠤ᠂ | ᠪᠦᠸᠧᠬᠠᠶ ᠪᠤᠯᠤᠩ ᠪᠣᠯᠤᠨ ᠯᠠᠶ ᠵᠧᠤ ᠪᠤᠯᠤᠩ ᠳᠤ 12 ᠳ᠋ᠤᠭᠠᠷ ᠰᠠᠷ᠎ᠠ ᠶᠢᠨ ᠰᠡᠭᠦᠯᠴᠢ ᠪᠠᠷ ᠠᠩᠬ᠎ᠠ ᠮᠥᠰᠥ | ᠭᠠᠷᠴᠤ᠂ ᠯᠢᠶᠣᠤᠳᠦ᠋ᠩ ᠪᠤᠯᠤᠩ ᠤᠨ ᠬᠠᠮᠤᠭ ᠶᠡᠭᠡ ᠬᠥᠪᠦᠮᠡᠯ ᠮᠥᠰᠥ 25 - 35 ᠮᠢᠯ᠂ ᠰᠢᠷ᠎ᠠ ᠲᠠᠩᠭᠢᠰ ᠤᠨ | ᠬᠤᠶᠢᠲᠤ ᠬᠡᠰᠡᠭ ᠤᠨ ᠬᠠᠮᠤᠭ ᠶᠡᠭᠡ ᠬᠥᠪᠦᠮᠡᠯ ᠮᠥᠰᠥ 5 - 15 ᠮᠢᠯ ᠪᠣᠯᠤᠨ᠎ᠠ᠃ | ᠲᠠᠪᠤ ᠳᠤ᠂ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠠᠶᠤᠯ ᠲᠦᠭᠰᠢᠭᠦᠷᠢ᠃ ᠵᠢᠱᠢᠯᠲᠡ ᠪᠠᠷ 12 ᠰᠠᠷ᠎ᠠ ᠳᠤ᠂ | ᠭᠤᠸᠠᠩᠰᠢ ᠶᠢᠨ ᠬᠤᠶᠢᠲᠤ ᠬᠡᠰᠡᠭ᠂ ᠴᠦᠩᠴᠢᠩ ᠤᠨ ᠵᠡᠭᠦᠨ ᠬᠡᠰᠡᠭ᠂ ᠶᠦᠨᠨᠠᠨ ᠤ ᠪᠠᠷᠠᠭᠤᠨ ᠬᠤᠶᠢᠲᠤ ᠬᠡᠰᠡᠭ᠂ | ᠲᠥᠪᠡᠳ ᠤᠨ ᠡᠮᠦᠨᠡᠲᠦ ᠬᠡᠰᠡᠭ᠂ ᠭᠠᠨᠰᠦ ᠶᠢᠨ ᠡᠮᠦᠨᠡᠲᠦ ᠬᠡᠰᠡᠭ᠂ ᠬᠥᠬᠡᠨᠠᠭᠤᠷ ᠤᠨ ᠵᠡᠭᠦᠨ ᠬᠡᠰᠡᠭ ᠵᠡᠷᠭᠡ ᠭᠠᠵᠠᠷ | ᠣᠷᠣᠨ ᠳᠤ ᠭᠠᠵᠠᠷ ᠰᠢᠨᠵᠢᠯᠡᠭᠡᠨ ᠤ ᠭᠠᠮᠰᠢᠭ ᠡᠭᠦᠰᠬᠦ ᠲᠦᠭᠰᠢᠭᠦᠷᠢ ᠨᠡᠯᠢᠶᠡᠳ ᠶᠡᠭᠡ ᠪᠠᠶᠢᠨ᠎ᠠ᠃ | ᠡᠭᠦᠨ ᠠᠴᠠ ᠭᠠᠳᠠᠨ᠎ᠠ᠂ ᠬᠡᠰᠡᠭ ᠭᠠᠵᠠᠷ ᠤᠨ ᠨᠡᠯᠢᠶᠡᠳ ᠴᠢᠩᠭ᠎ᠠ ᠬᠦᠢᠲᠡᠨ ᠠᠭᠠᠷ ᠤᠨ ᠶᠠᠪᠤᠴᠠ ᠠᠴᠠ | ᠪᠣᠯᠤᠭᠰᠠᠨ ᠳᠤᠤᠷ᠎ᠠ ᠳᠤᠯᠠᠭᠠᠨ᠂ ᠬᠦᠢᠲᠡᠨ ᠤᠷᠤᠰᠬᠠᠯ ᠵᠡᠷᠭᠡ ᠨᠢ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ᠂ | ᠵᠡᠭᠦᠨ ᠬᠤᠶᠢᠲᠤ ᠣᠷᠣᠨ ᠵᠡᠷᠭᠡ ᠭᠠᠵᠠᠷ ᠤᠨ ᠴᠠᠬᠢᠯᠭᠠᠨ ᠬᠡᠷᠡᠭᠯᠡᠬᠦ ᠳᠠᠭᠠᠭᠠᠴᠠ ᠶᠢ ᠨᠡᠮᠡᠭᠳᠡᠭᠦᠯᠵᠦ᠂ ᠴᠠᠬᠢᠯᠭᠠᠨ | ᠬᠦᠴᠦᠨ ᠤ ᠰᠢᠰᠲ᠋ᠧᠮ ᠤᠨ ᠠᠵᠢᠯᠯᠠᠭᠠᠨ ᠳᠤ ᠳᠠᠷᠤᠯᠲᠠ ᠪᠣᠯᠵᠣ ᠮᠡᠳᠡᠨ᠎ᠡ᠃ ᠪᠣᠷᠣᠭᠠᠨ ᠴᠠᠰᠤ ᠮᠥᠰᠥᠲᠦᠯ ᠤᠨ ᠴᠠᠭ | ᠠᠭᠤᠷ ᠨᠢ ᠤᠮᠠᠷᠠᠲᠤ ᠣᠷᠣᠨ᠂ ᠳᠤᠮᠳᠠᠳᠤ ᠣᠷᠣᠨ᠂ ᠪᠠᠷᠠᠭᠤᠨ ᠡᠮᠦᠨᠡᠲᠦ ᠣᠷᠣᠨ ᠵᠡᠷᠭᠡ ᠭᠠᠵᠠᠷ ᠤᠨ ᠲᠣᠨᠤᠭ | ᠲᠥᠬᠦᠭᠡᠷᠦᠮᠵᠢ ᠶᠢ ᠬᠠᠭᠠᠴᠠᠭᠤᠯᠵᠤ ᠮᠡᠳᠡᠬᠦ ᠪᠥᠭᠡᠳ ᠴᠢᠨᠠᠭᠰᠢᠯᠠᠪᠠᠯ ᠴᠠᠬᠢᠯᠭᠠᠨ ᠬᠦᠴᠦᠨ ᠤ ᠬᠠᠩᠭᠠᠯᠭ᠎ᠠ ᠶᠢ | ᠰᠦᠷᠳᠡᠭᠦᠯᠵᠦ ᠮᠡᠳᠡᠨ᠎ᠡ᠃ |