ᠪᠦᠬᠦ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠤᠳᠠᠰᠤᠳᠤ ᠬᠤᠷᠠᠯ ᠬᠤᠷᠠᠯᠳᠤᠪᠠ  ᠬᠤᠸᠠᠩ ᡁᠢ ᠴᠢᠶᠠᠩ ᠶᠠᠷᠢᠶ᠎ᠠ ᠲᠠᠯᠪᠢᠵᠤ ᠳᠠᠶᠢᠴᠢᠨ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/3/11
    3 ᠳ᠋ᠤᠭᠠᠷ ᠰᠠᠷ᠎ᠠ ᠶᠢᠨ 11 ᠤ ᠡᠳᠦᠷ᠂ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠤᠳᠠᠰᠤᠳᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ  ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠢ ᠡᠷᠭᠢᠯᠡᠪᠡ᠃    ᠬᠤᠸᠠᠩ ᡁᠢ ᠴᠢᠶᠠᠩ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠤᠨ ᠰᠢᠯᠲᠠᠭᠠᠨ ᠤᠯᠠᠨ᠂ ᠠᠶᠤᠯ ᠲᠦᠭᠰᠢᠭᠦᠷᠢ ᠶᠡᠭᠡ᠂ ᠲᠦᠢᠮᠡᠷ ᠢ ᠰᠡᠷᠭᠡᠶᠢᠯᠡᠨ ᠤᠨᠲᠠᠷᠠᠭᠠᠬᠤ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠨ᠎ᠠ᠃ ᠭᠠᠯ ᠲᠦᠶᠮᠡᠷ ᠢ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠵᠤ᠂ ᠬᠡᠷᠡᠭ ᠶᠠᠪᠤᠳᠠᠯ ᠢ ᠬᠠᠮᠢᠶᠠᠷᠬᠤ ᠬᠥᠮᠦᠨ ᠲᠠᠢ᠂ ᠲᠦᠶᠮᠡᠷ ᠢ ᠰᠡᠷᠭᠡᠶᠢᠯᠡᠬᠦ ᠬᠥᠮᠦᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠦᠨ ᠲᠠᠢ ᠪᠠᠶᠢᠬᠤ ᠶᠢ ᠪᠡᠶᠡᠯᠡᠭᠦᠯᠵᠦ᠂ 《 ᠴᠠᠭ ᠢᠮᠠᠭᠲᠠ ᠰᠡᠳᠬᠢᠯ ᠠᠮᠤᠷ ᠪᠠᠶᠢᠬᠤ 》 ᠬᠠᠷᠢᠭᠤᠴᠠᠯᠭᠠᠲᠤ ᠰᠡᠳᠬᠢᠯᠭᠡ ᠶᠢ 《 ᠶᠠᠪᠤᠳᠠᠯ ᠪᠦᠬᠦᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ 》 ᠠᠵᠢᠯᠯᠠᠭᠠᠨ ᠤ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ᠃ 《 ᠰᠡᠷᠭᠡᠶᠢᠯᠡᠬᠦ 》   ᠶᠢ ᠳᠤᠪᠤᠢᠢᠮ᠎ᠠ  ᠠᠳᠬᠤᠵᠤ ᠂ ᠢᠯᠠᠩᠭᠤᠶ᠎ᠠ ᠬᠠᠩᠰᠢ᠂ 《 5.1 》 ᠵᠡᠷᠭᠡ ᠠᠶᠤᠯ ᠲᠦᠭᠰᠢᠭᠦᠷᠢ ᠶᠡᠬᠡᠲᠡᠢ ᠴᠠᠭ ᠬᠤᠭᠤᠴᠠᠭ᠎ᠠ ᠶᠢ ᠰᠠᠶᠢᠲᠤᠷ ᠠᠩᠬᠠᠷᠴᠤ᠌᠂ ᠭᠠᠯ ᠤᠨ ᠡᠬᠢ ᠶᠢ ᠬᠠᠮᠢᠶᠠᠷᠤᠨ ᠡᠵᠡᠮᠳᠡᠬᠦ 《 ᠬᠠᠮ ᠠᠷᠭ᠎ᠠ ᠬᠡᠮᠵᠢᠶ᠎ᠡ 》 ᠶᠢ ᠰᠠᠶᠢᠲᠤᠷ ᠬᠡᠷᠡᠭᠵᠢᠭᠦᠯᠵᠦ᠂ ᠠᠭᠤᠯᠠ ᠶᠢ ᠰᠠᠬᠢᠨ ᠬᠠᠮᠠᠭᠠᠯᠠᠵᠤ᠂ ᠬᠥᠮᠦᠨ ᠢ ᠰᠠᠬᠢᠨ ᠬᠠᠮᠠᠭᠠᠯᠠᠵᠤ᠂ ᠭᠠᠯ ᠢ ᠰᠠᠶᠢᠲᠤᠷ ᠬᠠᠮᠢᠶᠠᠷᠬᠤ ᠬᠡᠷᠡᠭᠲᠡᠢ᠃ 《 ᠤᠨᠲᠠᠷᠠᠭᠠᠬᠤ 》 ᠶᠢ ᠪᠦᠬᠦ ᠬᠦᠴᠦ ᠪᠠᠷ ᠢᠶᠠᠨ ᠰᠠᠶᠢᠲᠤᠷ ᠠᠳᠬᠤᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠢᠵᠢᠭᠦᠷᠯᠡᠨ ᠰᠠᠬᠢᠬᠤ ᠵᠡᠷᠭᠡ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ ᠂ ᠬᠦᠮᠦᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠪᠡᠯᠡᠳᠬᠡᠵᠦ᠂ ᠭᠠᠯ ᠤᠨᠲᠠᠷᠠᠭᠠᠬᠤ ᠡᠳ᠋ ᠪᠣᠳᠠᠰ ᠢ ᠭᠦᠢᠴᠡᠳ ᠪᠡᠯᠡᠳᠬᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠶᠢᠲᠤᠷ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号