ᠬᠥᠯᠥᠨ ᠪᠣᠶᠢᠷ ᠬᠤᠲᠠ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠳᠤ ᠪᠥᠬᠦ ᠬᠦᠴᠦᠨ ᠢᠶᠠᠷ ᠢᠶᠠᠨ ᠪᠡᠯᠡᠳᠬᠡᠵᠦ ᠪᠣᠶ
ᠨᠡᠶᠢᠲᠡᠯᠡᠭᠰᠡᠨ ᠴᠠᠭ᠄
2024/3/15
    3 ᠳ᠋ᠤᠭᠠᠷ ᠰᠠᠷ᠎ᠠ ᠶᠢᠨ 15 ᠤ ᠡᠳᠦᠷ᠂ ᠬᠦᠯᠦᠨ ᠪᠤᠶᠢᠷ ᠬᠤᠲᠠ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠬᠦ ᠬᠤᠭᠤᠴᠠᠭᠠᠨ ᠳᠤ ᠣᠷᠣᠵᠤ᠂ ᠬᠤᠲᠠ ᠶᠢᠨ ᠡᠯ᠎ᠡ ᠭᠠᠵᠠᠷ  ᠤᠨ ᠬᠢᠨ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ᠡᠨᠡ ᠵᠢᠯ ᠤᠨ ᠬᠠᠪᠤᠷ ᠤᠨ ᠤᠯᠠᠷᠢᠯ ᠤᠨ ᠲᠦᠶᠮᠡᠷ ᠢ ᠰᠡᠷᠭᠡᠶᠢᠯᠡᠬᠦ ᠬᠡᠯᠪᠡᠷᠢ ᠶᠢ ᠣᠨᠣᠪᠴᠢᠲᠠᠶ ᠰᠤᠳᠤᠯᠤᠨ ᠮᠠᠭᠠᠳᠯᠠᠵᠤ᠂ ᠴᠠᠭ ᠢᠮᠠᠭᠲᠠ ᠲᠤᠯᠭᠠᠮ ᠬᠠᠷᠢᠭᠤᠴᠠᠯᠭᠠᠲᠤ ᠰᠡᠳᠬᠢᠯᠭᠡ ᠪᠠᠷ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠤᠨ ᠠᠶᠤᠯ ᠤᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠪᠠ᠃    ᠬᠤᠲᠠ ᠶᠢᠨ ᠣᠶ ᠰᠢᠭᠤᠶ ᠶᠢᠨ ᠰᠡᠷᠭᠡᠶᠢᠯᠡᠯᠲᠡ ᠶᠢᠨ ᠠᠯᠪᠠᠨ ᠬᠡᠷ 《 ᠪᠠᠶᠢᠳᠠᠯ ᠢ ᠡᠷᠲᠡ ᠵᠠᠳᠠᠯᠬᠤ᠂ ᠠᠵᠢᠯ ᠢ ᠡᠷᠲᠡ ᠲᠥᠯᠥᠪᠯᠡᠬᠦ᠂ ᠪᠡᠯᠡᠳᠬᠡᠯ ᠲᠥᠰᠦᠯ ᠢ ᠡᠷᠲᠡ ᠪᠡᠯᠡᠳᠬᠡᠬᠦ᠂ ᠲᠥᠰᠦᠯ ᠢ ᠡᠷᠲᠡ ᠨᠠᠶᠢᠳᠠᠪᠤᠷᠢᠵᠢᠭᠤᠯᠬᠤ ᠪᠠ ᠠᠵᠢᠯᠲᠠᠨ ᠢ ᠡᠷᠲᠡ ᠪᠣᠳᠠᠲᠠᠶᠢᠵᠢᠭᠤᠯᠬᠤ 》 ᠠᠵᠢᠯ ᠤᠨ ᠰᠡᠳᠬᠢᠮᠵᠢ ᠶᠣᠰᠣᠭᠠᠷ᠂ ᠬᠤᠲᠠ ᠶᠢᠨ ᠣᠢ ᠰᠢᠭᠤᠶ  ᠶᠢᠨ ᠳᠠᠷᠤᠭ᠎ᠠ ᠶᠢᠨ ᠳᠦᠷᠢᠮ  ᠤᠨ ᠠᠯᠪᠠᠨ ᠭᠡᠷ ᠲᠠᠢ ᠤᠶᠠᠯᠳᠤᠭᠤᠯᠤᠨ ᠣᠢ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠣᠭᠤᠷᠢᠭ  ᠢ ᠬᠤᠪᠢᠶᠠᠷᠢᠯᠠᠨ ᠲᠣᠭᠲᠠᠭᠠᠵᠤ᠂ ᠳᠥᠷᠪᠡᠳᠦᠭᠡᠷ ᠳᠡᠰ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠪᠣᠲᠠᠲᠠᠶᠢᠵᠢᠭᠤᠯᠪᠠ᠃ 《 ᠬᠥᠯᠥᠨ ᠪᠣᠶᠢᠷ ᠬᠤᠲᠠ ᠶᠢᠨ ᠰᠢᠨ᠎ᠡ ᠪᠠᠶᠢᠳᠠᠯ ᠳᠣᠤᠷᠠᠬᠢ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠵᠢᠭᠦᠯᠬᠦ ᠠᠷᠭ᠎ᠠ 》 ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠡᠭᠦᠷᠭᠡ ᠶᠢᠨ ᠨᠠᠷᠢᠨ ᠬᠠᠭᠤᠳᠠᠰᠤ  ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠡᠯ᠎ᠡ ᠭᠠᠵᠠᠷ ᠣᠷᠣᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ 2024 ᠣᠨ ᠤ ᠡᠯ᠎ᠡ ᠱᠠᠲᠤᠨ ᠤ ᠨᠠᠮ  ᠤᠨ ᠬᠤᠷᠢᠶ᠎ᠠ ᠵᠠᠰᠠᠭ ᠤᠨ ᠣᠷᠳᠣᠨ ᠤ ᠰᠢᠯᠭᠠᠨ ᠬᠢᠨᠠᠬᠤ ᠠᠭᠤᠯᠭ᠎ᠠ ᠳᠤ ᠣᠷᠣᠭᠤᠯᠪᠠ ᠃    ᠬᠤᠲᠠ ᠶᠢᠨ ᠣᠶ ᠰᠢᠭᠤᠶ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠰᠠᠯᠪᠤᠷᠢ ᠠᠩᠭᠢ ᠨᠢ ᠬᠠᠪᠤᠷ ᠤᠨ ᠤᠯᠠᠷᠢᠯ ᠤᠨ ᠲᠡᠶᠢᠨ ᠤ ᠪᠡᠯᠡᠳᠬᠡᠯ ᠤᠨ ᠪᠠᠶᠢᠳᠠᠯ ᠳᠤ ᠰᠠᠭᠤᠷᠢᠯᠠᠨ᠂ 《 ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠵᠤ᠂ ᠢᠳᠡᠪᠬᠢᠲᠡᠶ ᠤᠰᠠᠳᠬᠠᠬᠤ 》 ᠭᠠᠯ ᠰᠡᠷᠭᠡᠶᠢᠯᠡᠬᠦ ᠭᠠᠯ ᠤᠨᠲᠠᠷᠠᠭᠠᠬᠤ ᠴᠢᠭᠯᠡᠯᠲᠡ ᠶᠢ ᠪᠠᠷᠢᠮᠲᠠᠯᠠᠵᠤ᠂ ᠪᠣᠷᠣᠭᠠᠨ ᠠᠴᠠ ᠡᠮᠦᠨ᠎ᠡ ᠪᠡᠯᠡᠳᠬᠡᠯ ᠬᠢᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠢᠭᠰᠠᠭᠠᠯ ᠢᠶᠠᠨ ᠴᠢᠩᠳᠠᠯᠠᠵᠤ ᠬᠠᠪᠤᠷ ᠤᠨ ᠤᠯᠠᠷᠢᠯ ᠤᠨ ᠰᠡᠷᠭᠡᠶᠢᠯᠡᠯᠲᠡ ᠳᠤ ᠪᠡᠯᠡᠳᠬᠡᠪᠡ᠃ 3 ᠳ᠋ᠤᠭᠠᠷ ᠰᠠᠷ᠎ᠠ ᠶᠢᠨ 4 ᠤ ᠡᠳᠦᠷ᠂ ᠲᠣᠰ ᠰᠠᠯᠪᠤᠷᠢ ᠠᠩᠭᠢ 2024 ᠣᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ  ᠢ ᠰᠡᠷᠭᠡᠶᠢᠯᠡᠨ ᠤᠨᠲᠠᠷᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠲᠠᠩᠭᠠᠷᠢᠭᠯᠠᠬᠤ ᠶᠡᠭᠡ ᠬᠤᠷᠠᠯ ᠬᠤᠷᠠᠯᠳᠤᠭᠤᠯᠵᠤ᠂ ᠪᠦᠬᠦ ᠬᠤᠳᠠ ᠶᠢᠨ 6 ᠬᠤᠰᠢᠭᠤ ᠬᠤᠳᠠ ᠲᠣᠭᠤᠷᠢᠭ᠂ 3 ᠤᠢ ᠰᠢᠭᠤᠢ ᠶᠢᠨ ᠲᠣᠪᠴᠢᠶ᠎ᠠ ᠶᠢ ᠰᠠᠬᠢᠵᠤ ᠪᠠᠶᠢᠭ᠎ᠠ ᠮᠢᠩᠭ᠎ᠠ ᠭᠠᠷᠤᠢ ᠭᠠᠯ ᠤᠨᠲᠠᠷᠠᠭᠠᠬᠤ ᠵᠢᠯᠤᠭᠤᠳᠤᠬᠴᠢ ᠪᠠᠶᠢᠯᠳᠤᠭᠴᠢ᠂ ᠲᠤᠨᠤᠭ ᠳᠦᠬᠦᠬᠡᠷᠦᠮᠵᠢ ᠎ᠶ᠋ᠢ ᠲᠡᠷᠢ ᠲᠡᠭᠰᠢ ᠵᠢᠭᠰᠠᠭᠠᠵᠤ᠂ ᠦᠪᠡᠷ ᠤᠨ ᠪᠠᠶᠢᠭ᠎ᠠ ᠭᠠᠵᠠᠷ ᠠᠴᠠ ᠪᠠᠨ ᠵᠡᠷᠭᠡᠪᠡᠷ ᠲᠠᠩᠭᠠᠷᠢᠭᠯᠠᠬᠤ ᠶᠡᠭᠡ ᠬᠤᠷᠠᠯ ᠳᠤ ᠣᠷᠣᠯᠴᠠᠭᠰᠠᠨ ᠨᠢ ᠰᠢᠨ᠎ᠡ ᠵᠢᠯ ᠤᠨ ᠬᠠᠪᠤᠷ ᠤᠨ ᠤᠯᠠᠷᠢᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠵᠢᠩᠬᠢᠨᠢ ᠪᠠᠷ ᠡᠬᠢᠯᠡᠭᠰᠡᠨ  ᠢ ᠬᠠᠷᠠᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号