ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠥᠪᠥᠷ ᠵᠠᠰᠠᠭ ᠦᠰᠦᠭ 〔 2024 〕 2 ᠳ᠋ᠤᠭᠠᠷ ᠲᠣᠭᠠᠲᠤ | | ᠪᠤᠭᠤᠲᠤ ᠬᠤᠲᠠ ᠶᠢᠨ ᠶᠢᠨᠰᠲ᠋ᠧ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ ᠰᠢᠨ᠎ᠡ ᠮᠠᠲ᠋ᠧᠷᠢᠶᠠᠯ ᠤᠨ | ᠬᠤᠪᠢᠴᠠᠭᠠᠲᠣ ᠬᠢᠵᠠᠭᠠᠷᠲᠤ ᠺᠣᠮᠫᠠᠨᠢ ᠵᠡᠷᠭᠡ 4 ᠠᠵᠤ ᠠᠬᠤᠶᠢᠯᠠᠯ ᠳᠤ 2023 ᠣᠨ ᠤ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠣᠯᠭᠤᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠪᠲᠡᠷᠡᠭᠦᠯᠭᠡ | | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ | ᠨᠢᠭᠡᠴᠢ ᠳᠤ᠄ | ︽ ᠶᠠᠰᠤ ᠴᠢᠨᠠᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠥᠲᠥᠯᠪᠦᠷᠢ ︾ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠠᠰᠤ ᠴᠢᠨᠠᠷ ᠤᠨ ᠬᠦᠴᠦᠷᠬᠡᠭ ᠣᠷᠣᠨ ᠤ ᠪᠦᠲᠦᠭᠡᠨ | ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ ᠂ ᠪᠥᠬᠦ ᠣᠷᠣᠨ ᠤ ᠡᠯ᠎ᠡ ᠠᠵᠢᠯ ᠲᠥᠷᠥᠯ ᠤᠨ ᠬᠢᠨ ᠢ ᠶᠠᠰᠤ | ᠴᠢᠨᠠᠷ ᠤᠨ ᠲᠠᠯ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ ᠂ ᠭᠠᠷᠮᠠᠭᠠᠢ ᠠᠮᠵᠢᠯᠲᠠ ᠪᠦᠲᠦᠮᠵᠢ ᠶᠢ ᠬᠥᠭᠡᠭᠡᠴᠡᠯᠳᠦᠨ ᠂ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠪᠠᠷ ᠬᠥᠲᠥᠯᠥᠨ ᠵᠢᠯᠤᠭᠤᠳᠬᠤ ᠪᠠ ᠤᠷᠮᠠᠰᠢᠭᠤᠯᠤᠨ | ᠵᠣᠷᠢᠭᠵᠢᠭᠤᠯᠬᠤ ᠶᠢᠨ ᠲᠤᠰᠠᠳᠠ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ | ᠣᠯᠭᠤᠬᠤ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ ︾ ᠶᠢᠨ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠵᠦ ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠬᠤ ᠪᠠ ᠶᠠᠰᠤ ᠴᠢᠨᠠᠷ ᠢᠶᠠᠷ ᠣᠷᠣᠨ ᠢᠶᠠᠨ | ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢᠶᠠᠷ ᠬᠢᠨᠠᠨ ᠵᠥᠪᠯᠡᠭᠦᠯᠦᠭᠡᠳ ᠪᠤᠭᠤᠲᠤ ᠬᠤᠲᠠ ᠶᠢᠨ | ᠶᠢᠨᠰᠲ᠋ᠧ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ ᠰᠢᠨ᠎ᠡ ᠮᠠᠲ᠋ᠧᠷᠢᠶᠠᠯ ᠤᠨ ᠬᠤᠪᠢᠴᠠᠭᠠᠲᠤ ᠬᠢᠵᠠᠭᠠᠷᠲᠤ | ᠺᠣᠮᠫᠠᠨᠢ ᠵᠡᠷᠭᠡ 4 ᠠᠵᠤ ᠠᠬᠤᠶᠢᠯᠠᠯ ᠳᠤ 2023 ᠣᠨ ᠤ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ︾ ᠣᠯᠭᠤᠬᠤ ᠪᠠᠷ ᠲᠣᠭᠲᠠᠪᠠ ᠃ | ᠱᠠᠩᠨᠠᠯ ᠭᠥᠷᠳᠡᠭᠰᠡᠨ ᠠᠵᠤ ᠠᠬᠤᠶᠢᠯᠠᠯ ᠨᠢ ᠢᠷᠠᠭᠤ ᠠᠯᠳᠠᠷ ᠢᠶᠠᠨ ᠨᠠᠨᠳᠢᠩᠨᠠᠵᠤ ᠂ ᠴᠤᠴᠠᠯᠲᠠ ᠦᠭᠡᠢ | ᠴᠢᠷᠮᠠᠶᠢᠵᠤ ᠶᠠᠰᠤ ᠴᠢᠨᠠᠷ ᠤᠨ ᠲᠠᠯ᠎ᠠ ᠪᠠᠷ ᠬᠡᠪ ᠳᠠᠭᠤᠷᠢᠶᠠᠯ ᠪᠣᠯᠵᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ | ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠬᠦᠰᠡᠵᠦ ᠪᠠᠶᠢᠨ᠎ᠠ ᠃ ᠪᠦᠬᠦ ᠣᠷᠣᠨ ᠤ ᠥᠷᠭᠡᠨ ᠣᠯᠠᠨ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠱᠠᠩᠨᠠᠯ ᠭᠥᠷᠳᠡᠭᠰᠡᠨ ᠠᠵᠤ ᠠᠬᠤᠶᠢᠯᠠᠯ ᠤᠨ ᠶᠠᠰᠤ ᠴᠢᠨᠠᠷ ᠤᠨ | ᠬᠠᠮᠢᠶᠠᠷᠤᠯᠲᠠ ᠶᠢᠨ ᠲᠠᠯ᠎ᠠ ᠪᠠᠷ ᠬᠢ ᠲᠡᠷᠢᠭᠦᠨ ᠤ ᠲᠤᠷᠰᠢᠯᠭ᠎ᠠ ᠶᠢ ᠨᠢ ᠬᠢᠨᠠᠮᠠᠭᠠᠢ ᠰᠤᠷᠤᠯᠴᠠᠨ ᠲᠣᠯᠢᠳᠠᠵᠤ ᠂ ᠶᠠᠰᠤ | ᠴᠢᠨᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠳᠠᠭᠠᠭᠠᠨ ᠡᠭᠦᠷᠭᠡᠯᠡᠵᠦ ᠂ ᠶᠠᠰᠤ ᠴᠢᠨᠠᠷ ᠤᠨ ᠲᠠᠯ᠎ᠠ ᠶᠢᠨ | ᠦᠨᠡᠨᠴᠢ ᠢᠲᠡᠭᠡᠮᠵᠢ ᠪᠠᠨ ᠬᠢᠴᠢᠶᠡᠩᠭᠦᠶᠢᠯᠡᠨ ᠰᠠᠬᠢᠵᠤ ᠂ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠃ | ᠡᠯ᠎ᠡ ᠭᠠᠵᠠᠷ ᠣᠷᠣᠨ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠥᠷᠥ ᠶᠢᠨ ᠪᠣᠳᠣᠯᠭ᠎ᠠ ᠪᠠᠷ ᠬᠥᠲᠥᠯᠥᠨ | ᠵᠢᠯᠤᠭᠤᠳᠬᠤ ᠪᠠᠨ ᠤᠯᠠᠮ ᠨᠢᠭᠡ ᠠᠯᠬᠤᠮ ᠴᠢᠩᠭᠠᠳᠬᠠᠵᠤ ᠂ ᠭᠠᠪᠰᠢᠭᠠᠶᠢᠯᠠᠵᠤ ᠭᠠᠷᠮᠠᠭᠠᠶᠢᠯᠠᠬᠤ ᠶᠢ ᠬᠥᠭᠡᠭᠡᠴᠡᠯᠳᠦᠬᠦ ᠂ | ᠶᠠᠰᠤ ᠴᠢᠨᠠᠷ ᠢ ᠡᠷᠬᠢᠮᠯᠡᠬᠦ ᠶᠢ ᠪᠥᠬᠦ ᠨᠡᠶᠢᠭᠡᠮ ᠤᠨ ᠬᠢᠨ ᠤ ᠥᠷᠲᠡᠭ ᠤᠨ ᠬᠥᠲᠥᠯᠥᠮᠵᠢ ᠪᠠ ᠴᠠᠭ ᠦᠶ᠎ᠡ ᠶᠢᠨ ᠵᠣᠷᠢᠭ | ᠰᠠᠨᠠᠭ᠎ᠠ ᠪᠣᠯᠭᠠᠵᠦ ᠂ ᠶᠠᠰᠤ ᠴᠢᠨᠠᠷ ᠢ ᠰᠠᠶᠢᠵᠢᠷᠠᠭᠤᠯᠬᠤ ᠠᠵᠢᠯᠯᠠᠭᠠᠨ ᠢ ᠭᠦᠨᠵᠡᠭᠡᠢ ᠥᠷᠨᠢᠭᠦᠯᠦᠨ ᠂ ᠥᠪᠡᠷᠲᠡᠭᠡᠨ | ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ | ᠦᠵᠡᠭᠦᠯᠬᠦ ᠬᠡᠷᠡᠭᠲᠡᠢ ᠃ | ᠳᠠᠭᠠᠯᠳᠤᠭᠤᠯᠤᠯ ᠄ 2023 ᠣᠨ ᠤ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ︾ ᠭᠥᠷᠳᠡᠭᠰᠡᠨ ᠠᠵᠤ ᠠᠬᠤᠶᠢᠯᠠᠯ ᠤᠨ ᠨᠡᠷᠡᠰ | 2024 ᠣᠨ ᠤ 1 ᠳ᠋ᠦ᠋ᠭᠡᠷ ᠰᠠᠷ᠎ᠠ ᠶᠢᠨ 8 ᠤ ᠡᠳᠦᠷ | ︵ ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶ | ᠳᠠᠭᠠᠯᠳᠤᠭᠤᠯᠤᠯ | 2023 ᠣᠨ ᠤ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ | ᠶᠠᠰᠤ ᠴᠢᠨᠠᠷ ᠤᠨ ᠱᠠᠩᠨᠠᠯ ︾ ᠭᠥᠷᠳᠡᠭᠰᠡᠨ ᠠᠵᠤ ᠠᠬᠤᠶᠢᠯᠠᠯ ᠤᠨ ᠨᠡᠷᠡᠰ ᠤᠳ | ᠪᠤᠭᠤᠲᠤ ᠬᠤᠲᠠ ᠶᠢᠨ ᠶᠢᠨᠰᠲ᠋ᠧ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ ᠰᠢᠨ᠎ᠡ ᠮᠠᠲ᠋ᠧᠷᠢᠶᠠᠯ ᠤᠨ | ᠬᠤᠪᠢᠴᠠᠭᠠᠲᠤ ᠬᠢᠵᠠᠭᠠᠷᠲᠤ ᠺᠣᠮᠫᠠᠨᠢ | ᠥᠪᠥᠷ ᠮᠣᠩᠭᠤᠯ ᠤᠨ ᠱᠤᠸᠠᠩ ᠰᠢᠨ ᠪᠣᠬᠢᠷᠳᠤᠯ ᠦᠭᠡᠢ ᠮᠠᠲ᠋ᠧᠷᠢᠶᠠᠯ ᠤᠨ ᠬᠤᠪᠢᠴᠠᠭᠠᠲᠤ ᠬᠢᠵᠠᠭᠠᠷᠲᠤ | ᠺᠣᠮᠫᠠᠨᠢ | ᠥᠪᠥᠷ ᠮᠣᠩᠭᠤᠯ ᠤᠨ ᠶᠧᠦ ᠷᠠᠨ ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠥᠪᠥᠷ ᠮᠣᠩᠭᠤᠯ ᠤᠨ ᠵᠦᠩ ᠬᠤᠸᠠᠨ ᠲᠠᠯᠠᠰᠲᠤ ᠮᠠᠲ᠋ᠧᠷᠢᠶᠠᠯ ᠤᠨ ᠬᠢᠵᠠᠭᠠᠷᠲᠤ ᠺᠣᠮᠫᠠᠨᠢ | | | | | |