​ᠲᠦᠩᠯᠢᠶᠣᠤ ᠬᠤᠲᠠ ᠪᠥᠬᠦ ᠬᠤᠲᠠ ᠶᠢᠨ ᠠᠶᠤᠯᠭᠦᠶ ᠦᠶᠯᠡᠳᠪᠦᠷᠢᠯᠡᠯ ᠤᠨ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ  ᠶᠢᠨ ᠬᠤᠷᠠᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ  ᠤᠨ ᠲᠧᠯᠸᠢᠰ ᠤᠲᠠᠰᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/19
    3 ᠳ᠋ᠤᠭᠠᠷ ᠰᠠᠷ᠎ᠠ ᠶᠢᠨ 19 ᠤ ᠡᠳᠦᠷ᠂ ᠲᠦᠩᠯᠢᠶᠣᠤ ᠬᠤᠲᠠ ᠨᠢ ᠪᠥᠬᠦ ᠬᠤᠲᠠ ᠶᠢᠨ ᠠᠶᠤᠯ ᠥᠬᠡᠶ ᠦᠶᠯᠡᠳᠪᠦᠷᠢᠯᠡᠯ ᠤᠨ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ᠃ ᠬᠤᠷᠠᠯ ᠳᠡᠭᠡᠷ᠎ᠡ᠂ ᠬᠤᠲᠠ ᠶᠢᠨ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠧᠶ ᠬᠤᠩ ᠲᠤᠤ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠲᠠ ᠶᠢᠨ ᠠᠶᠤᠯ ᠥᠬᠡᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠠᠶᠤᠯᠭᠦᠶ ᠦᠶᠯᠡᠳᠪᠦᠷᠢᠯᠡᠯ ᠤᠨ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠨᠡᠶᠢᠲᠡᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠺᠠᠩ ᠶᠦᠩ ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃   ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠪᠣᠯ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠤᠯᠤᠰ ᠲᠦᠷᠦ ᠶᠢᠨ ᠡᠭᠦᠷᠭᠡ ᠮᠥᠨ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠭᠤᠷᠪᠠᠨ ᠵᠢᠯ ᠤᠨ ᠠᠵᠢᠯᠯᠠᠭ᠎ᠠ ᠳᠤ ᠲᠣᠭᠲᠠᠭᠠᠭᠰᠠᠨ ᠬᠠᠷᠠᠯᠲᠠ ᠶᠢ ᠪᠣᠳᠠᠲᠠᠢ ᠡᠭᠦᠷᠭᠡ ᠪᠣᠯᠭᠠᠨ ᠬᠤᠪᠢᠷᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠬᠡᠵᠡᠢ᠃   ᠬᠤᠷᠠᠯ ᠠᠴᠠ᠂ ᠲᠤᠰ ᠤᠳᠠᠭ᠎ᠠ ᠶᠢᠨ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠳᠤ᠂ ᠪᠣᠯᠪᠠᠰᠤᠷᠠᠯ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠬᠥᠮᠦᠰ ᠲᠡᠶᠢᠰᠢ ᠭᠤᠣᠯᠳᠠᠯᠭ᠎ᠠ ᠲᠠᠢ ᠥᠷᠭᠡᠳᠬᠡᠬᠦ ᠬᠡᠷᠡᠭᠲᠡᠢ᠃ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠠᠨ ᠲᠦᠮᠡᠨ ᠤ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠦᠨᠡᠯᠡᠯᠲᠡ  ᠶᠢ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠬᠦᠨᠳᠦ ᠶᠡᠭᠡ ᠬᠡᠮ ᠰᠣᠭᠤᠭ ᠢ ᠬᠥᠳᠡᠯᠦᠩᠭᠦᠶ ᠪᠠᠷ ᠦᠭᠡᠶᠢᠰᠬᠡᠬᠦ ᠶᠢ ᠭᠤᠤᠯᠳᠠᠯᠭ᠎ᠠ ᠲᠠᠢ ᠥᠷᠨᠢᠭᠦᠯᠵᠦ᠂ ᠠᠰᠠᠭᠤᠳᠠᠯ ᠤᠨ ᠬᠡᠮ ᠰᠣᠭᠤᠭ ᠢ ᠬᠥᠳᠡᠯᠦᠩᠭᠦᠶ ᠪᠠᠷ ᠢᠯᠡᠷᠡᠭᠦᠯᠵᠦ᠂ ᠲᠤᠶᠢᠯᠪᠤᠷᠢᠲᠠᠶ ᠦᠭᠡᠶᠢᠰᠬᠡᠬᠦ ᠬᠡᠷᠡᠭᠲᠡᠶ᠃ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠭᠤᠴᠢᠨ ᠲᠤᠨᠤᠭ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ  ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠬᠤᠲᠠ ᠪᠠᠯᠭᠠᠰᠤᠨ ᠤ ᠰᠢᠲᠠᠮᠠᠬᠠᠶ ᠬᠡᠶ ᠵᠡᠷᠭᠡ ᠭᠤᠤᠯᠳᠠᠯᠭ᠎ᠠ ᠲᠠᠢ ᠬᠦᠷᠢᠶᠡᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠦᠨᠵᠡᠭᠡᠶ ᠪᠠᠶᠢᠴᠠᠭᠠᠵᠤ ᠦᠨᠡᠨ ᠬᠦ ᠰᠠᠶᠢᠵᠢᠷᠠᠭᠤᠯᠬᠤ ᠶᠢ ᠠᠬᠢᠭᠤᠯᠵᠤ᠂ ᠠᠰᠠᠭᠤᠳᠠᠯ ᠤᠨ ᠬᠡᠮ ᠰᠣᠭᠤᠭ ᠢ ᠦᠨᠳᠦᠰᠦᠨ ᠠᠴᠠ ᠨᠢ ᠠᠷᠢᠯᠭᠠᠬᠤ ᠬᠡᠷᠡᠭᠲᠡᠶ ᠬᠡᠵᠡᠢ᠃   ᠬᠤᠷᠠᠯ ᠠᠴᠠ ᠱᠠᠭᠠᠷᠳᠠᠭᠰᠠᠨ ᠨᠢ᠂ ᠮᠠᠨ ᠤ ᠬᠤᠲᠠ ᠶᠢᠨ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠳᠤ ᠲᠤᠯᠭᠠᠷᠠᠵᠤ  ᠪᠠᠶᠢᠭ᠎ᠠ ᠰᠢᠨ᠎ᠡ  ᠪᠠᠶᠢᠳᠠᠯ᠂ ᠰᠢᠨ᠎ᠡ ᠠᠰᠠᠭᠤᠳᠠᠯ ᠢ ᠨᠠᠷᠢᠨ ᠬᠢᠨᠠᠮᠠᠭᠠᠶ ᠵᠠᠳᠠᠯᠬᠤ ᠬᠡᠷᠡᠭᠲᠡᠶ᠃ ᠲᠣᠤᠷᠴᠢᠯᠠᠭᠰᠠᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠴᠠᠭ ᠬᠤᠭᠤᠴᠠᠭ᠎ᠠ᠂ ᠭᠤᠣᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠲᠡᠭᠦᠯᠳᠡᠷᠵᠢᠭᠦᠯᠵᠦ᠂ ᠪᠣᠳᠠᠲᠤ ᠪᠠᠶᠢᠯᠳᠤᠭᠠᠨ  ᠤ ᠰᠣᠷᠢᠯᠲᠠ ᠶᠢ ᠵᠣᠬᠢᠶᠠᠨ ᠪᠠᠶᠢᠭᠤᠯᠵᠤ᠂ ᠠᠶᠤᠯ ᠭᠠᠮᠰᠢᠭ ᠠᠴᠠ ᠠᠪᠤᠷᠠᠬᠤ ᠪᠣᠳᠠᠲᠤ ᠪᠠᠶᠢᠯᠳᠤᠭᠠᠨ ᠤ ᠴᠢᠳᠠᠪᠤᠷᠢ  ᠪᠠᠨ ᠳᠡᠭᠡᠭᠰᠢᠯᠡᠭᠦᠯᠬᠦ ᠬᠡᠷᠡᠭᠲᠡᠢ᠂ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠤᠯᠠᠨ ᠲᠦᠮᠡᠨ ᠤ ᠥᠪᠡᠷ ᠢᠶᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠮᠡᠷᠭᠡᠵᠢᠯ ᠢᠶᠠᠷ ᠰᠡᠷᠭᠡᠶᠢᠯᠡᠬᠦ ᠂ ᠬᠥᠮᠦᠨ ᠢᠶᠠᠷ ᠰᠡᠷᠭᠡᠶᠢᠯᠡᠬᠦ ᠠᠯᠢ ᠨᠢ ᠴᠦ ᠳᠤᠲᠠᠭᠳᠠᠵᠤ ᠪᠣᠯᠬᠤ ᠦᠭᠡᠢ ᠪᠠᠶᠢᠬᠤ ᠶᠢ ᠦᠨᠡᠨ ᠬᠦ ᠪᠡᠶᠡᠯᠡᠭᠦᠯᠵᠦ᠂ ᠡᠷᠲᠡ ᠠᠴᠠ ᠬᠢᠬᠦ᠂ ᠪᠠᠭ᠎ᠠ ᠳᠡᠭᠡᠷ᠎ᠡ ᠨᠢ ᠬᠢᠬᠦ ᠶᠢ ᠦᠨᠡᠨ ᠬᠦ ᠪᠡᠶᠡᠯᠡᠭᠦᠯᠵᠦ᠂ ᠲᠦᠢᠮᠡᠷ ᠢ ᠰᠡᠷᠭᠡᠶᠢᠯᠡᠬᠦ 《ᠡᠴᠦᠰ  ᠤᠨ ᠨᠢᠭᠡ  ᠺᠢᠯᠣᠮᠧᠲᠷ》 ᠢ ᠦᠨᠡᠨ ᠬᠦ ᠨᠡᠪᠲᠡᠷᠡᠭᠦᠯᠵᠦ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号