2022-2023 ᠣᠨ ᠤ ᠥᠪᠡᠷᠲᠡᠭᠡᠨ ᠵᠠᠰᠠᠬᠤ ᠣᠷᠣᠨ ᠤ《ᠠᠮᠤᠭᠤᠯᠠᠩ ᠬᠤᠨᠳᠠᠭᠠᠲᠤ》  ᠤᠷᠤᠯᠳᠤᠭᠠᠨ ᠤ ᠲᠡᠷᠢᠭᠦᠨ ᠤ ᠬᠠᠮᠲᠤ ᠪᠠ ᠰᠢᠯᠢᠳᠡᠭ ᠬᠤᠪᠢ ᠬᠥᠮᠦᠨ ᠢ ᠨᠡᠷᠡᠶᠢᠳᠬᠦ ᠪᠠᠷ ᠪᠠᠶᠢᠭ᠎ᠠ ᠲᠤᠬᠠᠶ ᠵᠠᠷᠯᠠᠯ
ᠨᠡᠶᠢᠲᠡᠯᠡᠭᠰᠡᠨ ᠴᠠᠭ᠄
2024/3/26
        ᠲᠡᠷᠢᠭᠦᠨ ᠤ ᠬᠠᠮᠲᠤ ᠪᠣᠯᠤᠨ ᠰᠢᠯᠢᠳᠡᠭ ᠬᠤᠪᠢ ᠬᠥᠮᠦᠨ ᠤ ᠠᠶᠤᠯ ᠦᠭᠡᠶ ᠦᠢᠯᠡᠳᠪᠦᠷᠢᠯᠡᠯ ᠪᠣᠯᠤᠨ ᠮᠡᠷᠭᠡᠵᠢᠯ ᠤᠨ ᠭᠡᠮ ᠢ ᠰᠡᠷᠭᠡᠶᠢᠯᠡᠨ ᠵᠠᠰᠠᠬᠤ ᠠᠵᠢᠯ ᠤᠨ ᠳᠤᠮᠳᠠᠬᠢ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ᠂ ᠪᠥᠬᠦ ᠣᠷᠣᠨ ᠤ 《ᠠᠮᠤᠭᠤᠯᠠᠩ ᠬᠤᠨᠳᠠᠭᠠᠲᠤ》 ᠤᠷᠤᠯᠳᠤᠭᠠᠨ ᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ  ᠥᠷᠨᠢᠭᠦᠯᠵᠦ᠂ ᠥᠷᠭᠡᠨ ᠣᠯᠠᠨ ᠠᠵᠢᠯᠲᠠᠨ ᠠᠵᠢᠯᠴᠢᠨ  ᠤ ᠣᠯᠠᠨ ᠲᠦᠮᠡᠨᠴᠢ ᠴᠢᠨᠠᠷᠲᠠᠶ ᠠᠶᠤᠯ ᠦᠭᠡᠶ ᠦᠢᠯᠡᠳᠪᠦᠷᠢᠯᠡᠯ ᠤᠨ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠬᠤ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ᠂ ᠠᠵᠢᠯᠲᠠᠨ ᠠᠵᠢᠯᠴᠢᠨ ᠤ ᠠᠮᠤᠷ ᠲᠦᠪᠰᠢᠨ ᠡᠷᠡᠭᠦᠯ ᠮᠡᠨᠳᠦ ᠶᠢᠨ ᠤᠬᠠᠮᠰᠠᠷ ᠪᠠ ᠠᠮᠤᠷ ᠲᠦᠪᠰᠢᠨ ᠤ ᠤᠷ᠎ᠠ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠬᠤ᠂ ᠦᠶᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ 《2022-2023 ᠣᠨ ᠤ ᠪᠥᠬᠦ ᠣᠷᠣᠨ ᠤ 〈ᠠᠮᠤᠭᠤᠯᠠᠩ ᠬᠤᠨᠳᠠᠭᠠᠲᠤ〉 ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ》  ᠪᠠ 《 2022-2023 ᠣᠨ ᠤ ᠪᠥᠬᠦ ᠣᠷᠣᠨ ᠤ 〈ᠠᠮᠤᠭᠤᠯᠠᠩ ᠬᠤᠨᠳᠠᠭᠠᠲᠤ〉 ᠤᠷᠤᠯᠳᠤᠭᠠᠨ ᠤ ᠠᠵᠢᠯᠯᠠᠭ᠎ᠠ ᠶᠢ ᠰᠢᠯᠭᠠᠷᠠᠭᠤᠯᠬᠤ ᠲᠤᠬᠠᠶ ᠮᠡᠳᠡᠭᠳᠡᠯ》 ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠠᠶᠢᠮᠠᠭ ᠬᠤᠲᠠ ᠶᠢᠨ ᠠᠵᠢᠯᠴᠢᠨ ᠤ ᠡᠪᠯᠡᠯ᠂ ᠥᠪᠡᠷᠲᠡᠭᠡᠨ ᠵᠠᠰᠠᠬᠤ ᠣᠷᠣᠨ  ᠤ ᠡᠯ᠎ᠡ ᠠᠵᠤ ᠦᠶᠯᠡᠰ ᠤᠨ ᠠᠵᠢᠯᠴᠢᠨ ᠤ ᠡᠪᠯᠡᠯ ᠪᠣᠯᠤᠨ ᠥᠪᠡᠷᠲᠡᠭᠡᠨ ᠵᠠᠰᠠᠬᠤ ᠣᠷᠣᠨ ᠤ 《ᠠᠮᠤᠭᠤᠯᠠᠩ ᠬᠤᠨᠳᠠᠭᠠᠲᠤ》 ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠤᠨ ᠪᠦᠷᠢᠯᠳᠦᠬᠦᠨ ᠨᠢᠭᠡᠴᠢ ᠠᠴᠠ ᠪᠠᠲᠤᠯᠠᠨ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ 《ᠠᠮᠤᠭᠤᠯᠠᠩ ᠬᠤᠨᠳᠠᠭᠠᠲᠤ》 ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠤᠨ ᠠᠯᠪᠠᠨ ᠬᠡᠷ ᠬᠢᠨᠠᠨ ᠰᠢᠯᠭᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 14 ᠳ᠋ᠦ᠋ᠭᠡᠷ ( ᠥᠷᠭᠡᠳᠬᠡᠭᠰᠡᠨ ) ᠬᠤᠷᠠᠯ ᠠᠴᠠ ᠬᠢᠨᠠᠨ ᠵᠥᠪᠯᠡᠵᠦ ᠵᠥᠪᠰᠢᠶᠡᠷᠡᠪᠡ᠂ ᠡᠳᠦᠭᠡ 2022-2023 ᠣᠨ ᠤ ᠥᠪᠡᠷᠲᠡᠭᠡᠨ ᠵᠠᠰᠠᠬᠤ ᠣᠷᠣᠨ ᠤ 《ᠠᠮᠤᠭᠤᠯᠠᠩ ᠬᠤᠨᠳᠠᠭᠠᠲᠤ》 ᠤᠷᠤᠯᠳᠤᠭᠠᠨ ᠤ ᠲᠡᠷᠢᠭᠦᠨ ᠤ ᠬᠠᠮᠲᠤ᠂ ᠰᠢᠯᠢᠳᠡᠭ ᠬᠤᠪᠢ ᠬᠥᠮᠦᠨ ᠢ ᠨᠡᠷᠡᠶᠢᠳᠬᠦ ᠪᠠᠷ ᠪᠣᠯᠵᠤ ᠵᠠᠷᠯᠠᠵᠤ ᠪᠠᠶᠢᠨ᠎ᠠ᠃            ᠢᠯᠡ ᠨᠡᠶᠢᠲᠡᠯᠡᠬᠦ ᠴᠠᠭ᠄ 2024 ᠣᠨ ᠤ 3 ᠳ᠋ᠤᠭᠠᠷ ᠰᠠᠷ᠎ᠠ ᠶᠢᠨ 22 ᠤᠨ ᠡᠳᠦᠷ ᠠᠴᠠ 2024 ᠣᠨ ᠤ 3 ᠳ᠋ᠤᠭᠠᠷ ᠰᠠᠷ᠎ᠠ ᠶᠢᠨ 28 ᠤ ᠡᠳᠦᠷ ᠪᠣᠯᠲᠠᠯ᠎ᠠ᠃ ᠲᠤᠰ ᠬᠤᠭᠤᠴᠠᠭᠠᠨ ᠳᠤ᠂  ᠬᠡᠷᠪᠡ ᠠᠯᠢ ᠨᠢᠭᠡᠨ ᠨᠢᠭᠡᠴᠢ ᠪᠣᠯᠤᠨ ᠬᠤᠪᠢ ᠬᠥᠮᠦᠨ ᠳᠤ ᠰᠠᠨᠠᠯ ᠲᠠᠢ ᠪᠣᠯ ᠵᠠᠬᠢᠳᠠᠯ᠂ ᠤᠲᠠᠰᠤ᠂ ᠰᠢᠦᠳᠠᠨ ᠤ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠳᠤ ᠲᠤᠰᠬᠠᠬᠤ ᠶᠢᠨ ᠬᠠᠮᠲᠤ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠵᠤ᠂ ᠪᠠᠶᠢᠳᠠᠯ ᠢ ᠬᠢᠨᠠᠨ ᠬᠠᠷᠭᠤᠭᠤᠯᠬᠤ ᠶᠢᠨ ᠬᠠᠮᠲᠤ ᠬᠠᠷᠢᠭᠤ ᠲᠤᠰᠬᠠᠬᠤ ᠳᠤ ᠲᠥᠬᠦᠮ ᠦᠵᠡᠭᠦᠯᠬᠦ ᠬᠡᠷᠡᠭᠲᠡᠶ᠃            ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠵᠠᠲᠠᠢ ᠵᠠᠮ ᠤᠨ 18 ᠳ᠋ᠤᠭᠠᠷ ᠨᠣᠮᠧᠷ             ᠰᠢᠦᠳᠠᠨ ᠳ᠋ᠤᠭᠠᠷ᠄ 010090             ᠤᠲᠠᠰᠤ᠄ 0471 - 5109220             ᠢᠮᠧᠯ᠄ nmgjjb0471@163.com            ᠭᠥᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00-12᠄ 00            ᠦᠳᠡ ᠶᠢᠨ ᠬᠤᠶᠢᠨ᠎ᠠ 14᠄ 30-17᠄ 00                                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ                      2024 ᠣᠨ ᠤ 3 ᠳ᠋ᠤᠭᠠᠷ ᠰᠠᠷ᠎ᠠ ᠶᠢᠨ 22 ᠤᠨ ᠡᠳᠦᠷᠨᠠᠷᠢᠨ ᠠᠭᠤᠯᠭ᠎ᠠ ᠶᠢ ᠳᠠᠷᠠᠭᠠᠬᠢ ᠬᠤᠯᠪᠤᠭᠠᠰᠤ ᠪᠠᠷ ᠤᠷᠤᠵᠤ ᠦᠵᠡᠭᠡᠷᠡᠢ᠄https://yjglt.nmg.gov.cn/yjt_index/tzgg/202403/t20240326_2485154.html     
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号