ᠥᠪᠥᠷ ᠮᠣᠩᠭᠤᠯ ᠤᠨ ᠣᠷᠳᠣᠰ ᠬᠤᠲᠠ ᠶᠢᠨ ᠣᠯᠠᠨ ᠰᠠᠯᠠᠭ᠎ᠠ ᠮᠥᠴᠢᠷ ᠬᠠᠮᠲᠤᠷᠠᠨ ᠪᠠᠴᠢᠮ ᠮᠡᠳᠡᠭᠳᠡᠯ ᠳᠠᠷᠤᠮᠠᠯᠯᠠᠨ ᠲᠠᠷᠬᠠᠭᠠᠵᠤ ᠪᠥᠬᠦ ᠬᠤᠲᠠ ᠶᠢᠨ ᠭᠠᠯ ᠤᠨ ᠠᠶᠤᠯ ᠢ ᠰᠡᠷᠭᠡᠶᠢᠯᠡᠬᠦ ᠠᠵᠢᠯ ᠢ ᠦᠨᠡᠨ ᠬᠦ ᠴᠢᠩᠭᠠᠳᠬᠠᠬᠤ ᠬᠡᠷᠡᠭᠲᠡᠶ ᠭᠡᠪᠡ
ᠨᠡᠶᠢᠲᠡᠯᠡᠭᠰᠡᠨ ᠴᠠᠭ᠄
2024/3/28
   ᠣᠶᠢᠷ᠎ᠠ ᠶᠢᠨ ᠬᠤᠭᠤᠴᠠᠭᠠᠨ ᠳᠤ᠂ ᠪᠦᠬᠦ ᠤᠯᠤᠰ ᠤᠨ ᠡᠯ᠎ᠡ ᠭᠠᠵᠠᠷ ᠲᠤ ᠭᠠᠯ ᠤᠨ ᠠᠶᠤᠯ ᠤᠨ ᠠᠳᠡᠯ ᠵᠠᠯᠭᠠᠭᠠᠪᠠᠷ ᠭᠠᠷᠴᠤ ᠣᠯᠠᠨ ᠭᠠᠷᠴᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠠᠶᠢᠳᠠᠯ ᠬᠦᠨᠳᠦ ᠬᠡᠴᠡᠭᠦᠦ ᠪᠥᠭᠡᠳ ᠪᠤᠳᠤᠯᠢᠶᠠᠨᠲᠠᠶ ᠪᠠᠶᠢᠨ᠎ᠠ᠃ ᠡᠭᠦᠨ ᠳᠤ ᠬᠠᠨᠳᠤᠭᠤᠯᠤᠨ᠂ ᠥᠪᠥᠷ ᠮᠣᠩᠭᠤᠯ ᠤᠨ ᠣᠷᠳᠣᠰ ᠬᠤᠲᠠ ᠶᠢᠨ ᠠᠶᠤᠯ ᠥᠬᠡᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠪᠣᠯᠤᠨ ᠳᠣᠲᠣᠭᠠᠳᠤ ᠶᠢ ᠬᠠᠮᠠᠭᠠᠯᠠᠬᠤ᠂ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠬᠠᠮᠲᠤᠷᠠᠨ ᠪᠠᠴᠢᠮ ᠮᠡᠳᠡᠭᠳᠡᠯ ᠳᠠᠷᠤᠮᠠᠯᠯᠠᠨ ᠲᠠᠷᠬᠠᠭᠠᠵᠤ᠂ ᠪᠥᠬᠦ ᠬᠤᠲᠠ ᠶᠢᠨ ᠭᠠᠯ ᠤᠨ ᠠᠶᠤᠯ ᠢ ᠰᠡᠷᠭᠡᠶᠢᠯᠡᠬᠦ ᠠᠵᠢᠯ ᠢ ᠦᠨᠡᠨ ᠬᠦ ᠴᠢᠩᠭᠠᠳᠬᠠᠵᠤ᠂ ᠠᠷᠠᠳ ᠣᠯᠠᠨ ᠤ ᠦᠶᠯᠡᠳᠪᠦᠷᠢᠯᠡᠯ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃  ᠮᠡᠳᠡᠭᠳᠡᠯ ᠳᠤ᠂ ᠭᠠᠯ ᠤᠨ ᠠᠶᠤᠯ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠲᠤᠯᠭᠠᠮ ᠪᠤᠳᠤᠯ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠡᠯ᠎ᠡ ᠬᠤᠰᠢᠭᠤ ᠲᠣᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠢ ᠶᠢᠨ ᠬᠢᠨ ᠰᠠᠨᠠᠭᠠᠰᠢᠷᠠᠬᠤ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠶ ᠶᠢ ᠢᠮᠠᠭᠲᠠ ᠪᠠᠷᠢᠮᠲᠠᠯᠠᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠪᠡᠶ᠎ᠡ ᠪᠠᠷ ᠢᠶᠠᠨ ᠪᠠᠶᠢᠴᠠᠭᠠᠵᠤ᠂ ᠣᠨᠢᠨ ᠳᠡᠭᠡᠷ᠎ᠡ ᠨᠢ ᠰᠤᠳᠤᠯᠤᠨ ᠮᠠᠭᠠᠳᠯᠠᠵᠤ᠂ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠲᠥᠪᠯᠡᠷᠡᠭᠦᠯᠦᠨ ᠠᠷᠢᠯᠭᠠᠵᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠪᠣᠯᠤᠨ ᠬᠦᠨᠳᠦ ᠶᠡᠭᠡ ᠭᠠᠯ ᠤᠨ ᠭᠠᠮᠰᠢᠭ ᠤᠨ ᠳᠠᠯᠳᠠ ᠬᠡᠮ ᠤᠨ ᠠᠶᠤᠯ ᠲᠦᠭᠰᠢᠭᠦᠷᠢ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃  ᠮᠡᠳᠡᠭᠳᠡᠯ ᠳᠤ᠂ ᠤᠬᠠᠭᠤᠯᠭ᠎ᠠ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠴᠢᠳᠠᠪᠤᠷᠢ ᠬᠡᠪ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠡᠯ᠎ᠡ ᠬᠤᠰᠢᠭᠤ ᠲᠣᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠢ ᠭᠠᠯ ᠤᠨ ᠭᠠᠮᠰᠢᠭ ᠤᠨ ᠨᠡᠶᠢᠲᠡᠯᠢᠭ ᠬᠡᠷᠡᠭ ᠤᠨ ᠰᠡᠷᠡᠮᠵᠢᠯᠡᠭᠦᠯᠦᠯ ᠬᠥᠮᠦᠵᠢᠯ ᠢ ᠴᠢᠩᠭᠠᠳᠬᠠᠵᠤ᠂ ᠠᠶᠤᠯᠭᠦᠶ ᠪᠠᠷ ᠭᠠᠯ ᠬᠡᠷᠡᠭᠯᠡᠬᠦ ᠴᠠᠬᠢᠯᠭᠠᠨ ᠬᠡᠷᠡᠭᠯᠡᠬᠦ ᠰᠢᠲᠠᠮᠠᠬᠠᠶ ᠬᠡᠶ ᠬᠡᠷᠡᠭᠯᠡᠬᠦ᠂ ᠠᠮᠢ ᠨᠠᠰᠤᠨ ᠤ ᠨᠡᠪᠲᠡᠷᠡᠬᠦ ᠵᠠᠮ ᠢ ᠰᠢᠯᠤᠭᠤᠳᠬᠠᠬᠤ᠂ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠨ ᠠᠮᠢ ᠵᠢᠭᠤᠲᠠᠬᠤ ᠵᠡᠷᠭᠡ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠰᠣᠷᠢᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠨᠡᠶᠢᠭᠡᠮ ᠢᠶᠠᠷ ᠢᠶᠠᠨ ᠭᠠᠯ ᠰᠡᠷᠭᠡᠶᠢᠯᠡᠯᠲᠡ ᠶᠢᠨ ᠠᠵᠢᠯ ᠳᠤ ᠣᠷᠣᠯᠴᠠᠭᠰᠠᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃  ᠮᠡᠳᠡᠭᠳᠡᠯ ᠳᠤ᠂ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠵᠦᠢᠯ ᠤᠨ ᠭᠠᠯ ᠤᠨ ᠠᠶᠤᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠠᠵᠢᠯ ᠢᠶᠠᠨ ᠨᠠᠶᠢᠳᠠᠪᠤᠷᠢᠵᠢᠭᠤᠯᠬᠤ ᠦᠭᠡᠶ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠨᠢᠭᠡᠴᠢ ᠳᠤ 《ᠢᠯᠡᠭᠦᠬᠡᠨ ᠨᠡᠪᠲᠡᠷᠡᠭᠦᠯᠵᠦ᠂ ᠰᠢᠮᠳᠠᠭᠤᠯᠬᠤ ᠵᠠᠬᠢᠳᠠᠯ ᠢᠯᠡᠭᠦᠬᠡᠨ ᠶᠠᠪᠤᠭᠤᠯᠵᠤ᠂ ᠢᠯᠡᠭᠦᠬᠡᠨ ᠳᠠᠯᠳᠠᠭᠤᠷ ᠰᠤᠷᠪᠤᠯᠵᠢᠯᠠᠵᠤ》᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠪᠠ ᠭᠠᠯ ᠤᠨ ᠠᠶᠤᠯ ᠢ ᠨᠥᠯᠥᠭᠡᠯᠡᠬᠦ ᠠᠳᠡᠯ ᠭᠠᠷᠤᠭᠰᠠᠨ ᠪᠣᠯ ᠬᠤᠯᠪᠣᠭᠳᠠᠯ ᠪᠦᠬᠦᠢ ᠨᠢᠭᠡᠴᠡ ᠪᠣᠯᠤᠨ ᠬᠥᠮᠦᠰ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号