2024 ᠣᠨ ᠤ ᠥᠪᠡᠷᠲᠡᠭᠡᠨ ᠵᠠᠰᠠᠬᠤ ᠣᠷᠣᠨ ᠤ ᠲᠡᠮᠦᠷᠯᠢᠭ ᠬᠠᠶᠢᠯᠤᠭᠤᠯᠬᠤ ᠵᠡᠷᠭᠡ ᠠᠵᠤ ᠦᠶᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠶᠤᠯ ᠥᠬᠡᠶ ᠦᠶᠯᠡᠳᠪᠦᠷᠢᠯᠡᠯ ᠤᠨ ᠬᠤᠶᠠᠳᠤᠭᠠᠷ ᠳᠡᠰ ᠤᠨ ᠪᠠᠷᠢᠮᠵᠢᠶᠠᠵᠢᠭᠤᠯᠤᠭᠰᠠᠨ ᠲᠠᠰ ᠲᠣᠭᠲᠠᠭᠠᠭᠰᠠᠨ ᠠᠵᠤ ᠠᠬᠤᠶᠢᠯᠠᠯ ( ᠨᠢᠭᠡᠳᠦᠭᠡᠷ ᠪᠦᠯᠦᠭ ) ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠵᠠᠷᠯᠠᠯ
ᠨᠡᠶᠢᠲᠡᠯᠡᠭᠰᠡᠨ ᠴᠠᠭ᠄
2024/3/28
     《 ᠠᠵᠤ ᠠᠬᠤᠶᠢᠯᠠᠯ ᠤᠨ ᠠᠶᠤᠯ ᠦᠭᠡᠶ ᠦᠶᠯᠡᠳᠪᠦᠷᠢᠯᠡᠯ ᠤᠨ ᠪᠠᠷᠢᠮᠵᠢᠶᠠᠵᠢᠭᠰᠠᠨ ᠪᠠᠶᠢᠭᠤᠯᠤᠯᠲᠠ ᠶᠢᠨ ᠳᠡᠰ ᠲᠣᠭᠲᠠᠭᠠᠬᠤ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ  ᠶᠢᠨ ᠶᠠᠮᠤᠨ ᠤ ᠮᠡᠳᠡᠭᠳᠡᠯ 》 ( ᠪᠠᠴᠢᠮ ᠪᠠᠶᠢᠳᠠᠯ ᠢ ᠠᠷᠭᠠᠴᠠᠬᠤ᠂ (2021) 83 ᠳ᠋ᠤᠭᠠᠷ ᠲᠣᠭᠠᠲᠤ )᠂ 《 ᠠᠵᠤ ᠦᠶᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯ ᠦᠭᠡᠶ ᠦᠶᠯᠡᠳᠪᠦᠷᠢᠯᠡᠯ  ᠤᠨ ᠬᠤᠶᠠᠳᠤᠭᠠᠷ ᠳᠡᠰ ᠤᠨ ᠪᠠᠷᠢᠮᠵᠢᠶᠠᠵᠢᠭᠰᠠᠨ ᠪᠠᠶᠢᠭᠤᠯᠤᠯᠲᠠ ᠶᠢᠨ ᠳᠡᠰ ᠲᠣᠭᠲᠠᠭᠠᠬᠤ ᠪᠠᠷ ᠮᠡᠳᠡᠭᠦᠯᠬᠦ ᠠᠵᠢᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ  ᠶᠢᠨ ᠲᠢᠩᠬᠢᠮ ᠤᠨ ᠮᠡᠳᠡᠭᠳᠡᠯ 》 ( ᠥᠪᠥᠷ᠂ ᠪᠠᠴᠢᠮ ᠪᠠᠶᠢᠳᠠᠯ ᠢ ᠠᠷᠭᠠᠴᠠᠬᠤ ᠵᠠᠬᠢᠳᠠᠯ (2023) 385 ᠳ᠋ᠤᠭᠠᠷ ᠲᠣᠭᠠᠲᠤ ) ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠠᠵᠤ ᠠᠬᠤᠶᠢᠯᠠᠯ ᠤᠨ ᠥᠪᠡᠰᠦᠪᠡᠨ ᠦᠨᠡᠯᠡᠬᠦ᠂ ᠭᠤᠶᠤᠴᠢᠯᠠᠬᠤ᠂ ᠲᠤᠬᠠᠶ ᠶᠢᠨ ᠭᠠᠵᠠᠷ ᠲᠤᠨᠢ ᠬᠢᠨᠠᠨ ᠲᠣᠭᠲᠠᠭᠠᠬᠤ ᠵᠡᠷᠭᠡ ᠭᠤᠭᠴᠤᠭ᠎ᠠ  ᠪᠠᠷ ᠳᠠᠮᠵᠢᠨ᠂ ᠨᠢᠭᠡᠳᠦᠭᠡᠷ ᠪᠦᠯᠦᠭ ᠤᠨ 13 ᠠᠵᠤ ᠦᠶᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠢ ᠠᠶᠤᠯ ᠦᠭᠡᠶ ᠦᠶᠯᠡᠳᠪᠦᠷᠢᠯᠡᠯ ᠤᠨ ᠪᠠᠷᠢᠮᠵᠢᠶᠠᠵᠢᠭᠰᠠᠨ ᠪᠠᠶᠢᠭᠤᠯᠤᠯᠲᠠ ᠶᠢᠨ ᠬᠤᠶᠠᠳᠤᠭᠠᠷ ᠳᠡᠰ ᠤᠨ ᠪᠠᠷᠢᠮᠵᠢᠶ᠎ᠠ ᠳᠤ ᠬᠦᠷᠦᠭᠦᠯᠬᠦ ᠳᠡᠰ ᠲᠣᠭᠲᠠᠭᠠᠬᠤ ᠪᠠᠷ ᠬᠢᠨᠠᠨ ᠲᠣᠭᠲᠠᠭᠠᠬᠤ ᠪᠠᠷ  ᠲᠣᠭᠲᠠᠪᠠ ᠂ ᠡᠳᠦᠭᠡ ᠨᠡᠶᠢᠲᠡ ᠳᠤ ᠵᠠᠷᠯᠠᠵᠤ ᠪᠠᠶᠢᠨ᠎ᠠ᠃    ᠶᠠᠮᠠᠷᠪᠠ ᠨᠢᠭᠡᠴᠡ ᠪᠣᠯᠤᠨ ᠬᠤᠪᠢ ᠬᠥᠮᠦᠨ ᠬᠡᠷᠪᠡ ᠣᠨᠳᠣᠣ ᠰᠠᠨᠠᠯ ᠲᠠᠢ ᠪᠣᠯ ᠨᠡᠶᠢᠲᠡᠯᠡᠭᠰᠡᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠳᠤ ᠪᠢᠴᠢᠭᠯᠡᠭᠰᠡᠨ ᠬᠡᠯᠪᠡᠷᠢ ᠪᠠᠷ ᠳᠤᠷᠠᠳᠬᠤ ᠬᠡᠷᠡᠭᠲᠡᠶ ᠃ ᠨᠢᠭᠡᠴᠡ ᠶᠢᠨ ᠨᠡᠷ᠎ᠡ ᠪᠠᠷ ᠪᠠᠶᠢᠳᠠᠯ ᠢ ᠲᠤᠰᠬᠠᠭᠰᠠᠨ ᠪᠣᠯ ᠠᠯᠪᠠᠨ ᠲᠠᠮᠠᠭ᠎ᠠ ᠳᠠᠷᠤᠭᠠᠷᠠᠶ᠃ ᠬᠤᠪᠢ ᠬᠥᠮᠦᠨ ᠤ ᠨᠡᠷ᠎ᠡ  ᠪᠠᠷ ᠪᠠᠶᠢᠳᠠᠯ ᠢ ᠲᠤᠰᠬᠠᠭᠰᠠᠨ ᠪᠣᠯ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ ᠪᠠ ᠬᠠᠷᠢᠯᠴᠠᠬᠤ ᠤᠲᠠᠰᠤ  ᠪᠠᠨ ᠪᠢᠴᠢᠭᠡᠷᠡᠶ᠃    ᠬᠠᠷᠢᠯᠴᠠᠬᠤ ᠤᠲᠠᠰᠤ᠄ 0471 - 4825137᠂ ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠧᠩ ᠹᠸᠢ ᠡᠮᠦᠨ᠎ᠡ ᠵᠠᠮ ᠤᠨ 40 ᠳ᠋ᠦ᠋ᠭᠡᠷ ᠨᠣᠮᠧᠷᠲᠤ ᠥᠪᠥᠷ ᠮᠣᠩᠭᠤᠯ ᠤᠨ ᠳ᠋ᠢ ᠺᠤᠸᠠᠩ ᠪᠠᠷᠠᠭᠤᠨ ᠳᠡᠳ᠋ ᠠᠰᠠᠷ ᠤᠨ 1 ᠳ᠋ᠦ᠋ᠭᠡᠷ ᠠᠰᠠᠷ ᠤᠨ 112 ᠲᠠᠰᠤᠭ᠃     ᠨᠠᠷᠢᠨ ᠠᠭᠤᠯᠭ᠎ᠠ ᠶᠢ ᠳᠠᠷᠠᠭᠠᠬᠢ ᠰᠦᠯᠵᠢᠶᠡᠨ ᠤ ᠬᠠᠶ᠋ᠢᠭ ᠢᠶᠠᠷ ᠬᠤᠯᠪᠤᠭᠳᠠᠵᠤ ᠯᠠᠪᠯᠠᠭᠠᠷᠠᠢ᠄ https://yjglt.nmg.gov.cn/yjt_index/tzgg/202403/t20240329_2487463.html      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ      2024 ᠣᠨ ᠤ 3 ᠰᠠᠷ᠎ᠠ ᠶᠢᠨ 28 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号