2024 ᠣᠨ ᠤ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/3/29
    ᠣᠶᠢᠷ᠎ᠠ ᠳᠤ᠂ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠪᠠ᠃ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠣᠶ ᠰᠢᠭᠤᠶ ᠶᠢᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠶᠡᠷᠦᠩᠬᠡᠶ ᠠᠩᠭᠢ᠂ ᠬᠥᠬᠡᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠳᠠᠭᠠᠭᠠᠴᠢᠯᠠᠨ ᠡᠷᠭᠢᠯᠡᠪᠡ ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠥᠪᠥᠷ ᠮᠣᠩᠭᠤᠯ ᠤᠨ ᠣᠶ ᠰᠢᠭᠤᠶ ᠶᠢᠨ ᠭᠠᠯ ᠲᠦᠶᠮᠡᠷ ᠢ ᠰᠡᠷᠭᠡᠶᠢᠯᠡᠨ ᠤᠨᠲᠠᠷᠠᠭᠠᠬᠤ ᠶᠡᠷᠦᠩᠬᠡᠶ ᠠᠩᠭᠢ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠬᠡᠬᠤᠲᠠ ᠶᠢᠨ ᠠᠷᠠᠳ ᠤᠨ ᠵᠠᠰᠠᠭ  ᠤᠨ ᠣᠷᠳᠣᠨ᠂ ᠬᠥᠬᠡᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠤᠳᠤᠷᠢᠳᠤᠯᠭ᠎ᠠ ᠭᠤᠤᠯ ᠬᠤᠷᠠᠯ ᠤᠨ ᠲᠠᠯᠠᠪᠠᠶ ᠳᠤ ᠠᠵᠢᠯᠯᠠᠭ᠎ᠠ ᠳᠤ ᠣᠷᠣᠯᠴᠠᠵᠤ᠂ ᠪᠤᠰᠤᠳ 11 ᠠᠶᠢᠮᠠᠭ ᠬᠤᠲᠠ ᠶᠢᠨ ᠣᠶ ᠰᠢᠭᠤᠶ ᠨᠤᠲᠤᠭ ᠪᠡᠯᠴᠢᠭᠡᠷ  ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠠᠯᠪᠠᠨ ᠬᠡᠷ᠂ ᠥᠪᠥᠷ ᠮᠣᠩᠭᠤᠯ ᠤᠨ ᠣᠶ ᠰᠢᠭᠤᠶ ᠶᠢᠨ ᠠᠵᠤ ᠦᠶᠯᠡᠳᠪᠦᠷᠢ ᠶᠢᠨ ᠪᠦᠯᠦᠭᠯᠡᠯ ᠤᠨ ᠣᠶ ᠰᠢᠭᠤᠶ ᠶᠢᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠠᠯᠪᠠᠨ ᠬᠡᠷ ᠸᠢᠳᠢᠣ᠋ ᠪᠠᠷ ᠣᠷᠣᠯᠴᠠᠪᠠ ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠶᠮᠡᠷ ᠢ ᠤᠨᠲᠠᠷᠠᠭᠠᠬᠤ ᠠᠩᠭᠢ ᠶᠢᠨ ᠲᠥᠯᠥᠭᠡᠯᠡᠭᠴᠢ ᠬᠠᠪᠤᠷ ᠤᠨ ᠰᠡᠷᠭᠡᠶᠢᠯᠡᠯᠲᠡ ᠶᠢᠨ ᠲᠡᠶᠢᠨ ᠳᠤ ᠪᠡᠯᠡᠳᠬᠡᠬᠦ ᠲᠠᠩᠭᠠᠷᠢᠭ ᠬᠢᠵᠦ᠂ ᠬᠤᠯᠪᠣᠭᠳᠠᠯ ᠪᠥᠬᠦᠶ ᠤᠳᠤᠷᠢᠳᠤᠯᠭ᠎ᠠ ᠶᠣᠰᠣᠯᠠᠯ ᠡᠬᠢᠯᠡᠭᠰᠡᠨ ᠢ ᠵᠠᠷᠯᠠᠵᠠᠶ ᠃ ᠲᠤᠬᠠᠶ  ᠶᠢᠨ ᠲᠠᠯᠠᠪᠠᠶ ᠶᠢᠨ ᠠᠵᠢᠯᠲᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠰᠠᠶᠢᠨ ᠳᠤᠷ᠎ᠠ ᠶᠢᠨ ᠠᠵᠢᠯᠯᠠᠭᠰᠠᠳ ᠭᠠᠯ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠹᠢᠯᠢᠮ ᠨᠡᠪᠲᠡᠷᠡᠭᠦᠯᠬᠦ᠂ ᠪᠢᠴᠢᠭᠡᠰᠦ ᠡᠯᠭᠦᠬᠦ᠂ ᠣᠶ ᠰᠢᠭᠤᠶ ᠨᠤᠲᠤᠭ ᠪᠡᠯᠴᠢᠭᠡᠷ  ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ  ᠶᠢ ᠳᠡᠯᠭᠡᠨ ᠦᠵᠡᠭᠦᠯᠬᠦ ᠵᠡᠷᠭᠡ ᠣᠯᠠᠨ ᠵᠦᠶᠯ  ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠨᠡᠶᠢᠲᠡ ᠶᠢᠨ ᠭᠠᠯ ᠰᠡᠷᠭᠡᠶᠢᠯᠡᠬᠦ ᠦᠵᠡᠯ ᠤᠬᠠᠮᠰᠠᠷ ᠢ ᠦᠨᠡᠨᠬᠦ  ᠳᠡᠭᠡᠭᠰᠢᠯᠡᠭᠦᠯᠬᠦ ᠶ᠋ᠢ ᠵᠤᠷᠢᠵᠠᠢ᠃     ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠠᠯᠪᠠᠨ ᠬᠡᠷ ᠨᠢ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠦᠨᠳᠦᠰᠦᠯᠡᠨ᠂ ᠡᠯ᠎ᠡ ᠭᠠᠵᠠᠷ ᠤᠨ ᠬᠢᠨ ᠢ ᠵᠢᠯᠣᠭᠤᠳᠤᠨ ᠲᠦᠶᠮᠡᠷ ᠢ ᠰᠡᠷᠭᠡᠶᠢᠯᠡᠬᠦ ᠥᠳᠬᠡᠨ ᠵᠤᠵᠠᠭᠠᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠡᠯ᠎ᠡ ᠵᠦᠶᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠡᠶᠢᠭᠡᠮ ᠤᠨ ᠣᠯᠠᠨ ᠲᠦᠮᠡᠨ ᠤ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠣᠶᠢᠯᠠᠭᠠᠬᠤ ᠬᠡᠮᠵᠢᠶ᠎ᠡ᠂ ᠣᠷᠣᠯᠴᠠᠬᠤ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠤᠨ᠎ᠠ ᠃

8-5.jpg

8-6.jpg

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号