ᠵᠠᠮ ᠬᠠᠷᠢᠯᠴᠠᠭᠠᠨ ᠤ ᠠᠮᠤᠷ ᠲᠦᠪᠰᠢᠨ ᠤ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2024/4/10
   ᠰᠤᠷᠭᠠᠭᠤᠯᠢ ᠡᠬᠢᠯᠡᠭᠰᠡᠨ ᠤ ᠳᠠᠷᠠᠭ᠎ᠠ᠂ ᠬᠡᠦᠬᠡᠳ ᠤᠳ ᠡᠳᠦᠷ ᠪᠦᠷᠢ ᠰᠤᠷᠭᠠᠭᠤᠯᠢ ᠳᠤ ᠶᠠᠪᠤᠬᠤ᠂ ᠰᠤᠷᠭᠠᠭᠤᠯᠢ ᠲᠠᠷᠬᠠᠬᠤ ᠳᠤ ᠪᠦᠷ ᠡᠯ᠎ᠡ ᠵᠦᠶᠯ ᠤᠨ ᠪᠤᠳᠤᠯᠢᠶᠠᠨᠲᠠᠶ ᠵᠠᠮ ᠬᠠᠷᠢᠯᠴᠠᠭᠠᠨ ᠤ ᠣᠷᠴᠢᠨ ᠲᠣᠭᠤᠷᠢᠨ ᠲᠣᠬᠢᠶᠠᠯᠳᠤᠨ᠎ᠠ᠃ ᠵᠠᠷᠢᠮ ᠪᠢᠴᠢᠬᠠᠨ ᠨᠠᠶᠢᠵᠠ ᠴᠤᠭ ᠵᠢᠪᠬᠤᠭ᠎ᠠ ᠲᠡᠭᠦᠯᠳᠡᠷ᠂ ᠪᠡᠶ᠎ᠡ ᠪᠠᠨ ᠪᠠᠷᠢᠬᠤ ᠴᠢᠳᠠᠪᠤᠷᠢ ᠪᠠᠷ ᠳᠤᠲᠠᠮᠠᠭ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠨᠡᠯᠢᠶᠡᠳ ᠪᠠᠭᠤᠷᠠᠶ ᠪᠠᠶᠢᠵᠤ᠂ ᠠᠮᠤᠷ ᠲᠦᠪᠰᠢᠨ ᠤ ᠠᠳᠡᠯ ᠢ ᠠᠮᠠᠷᠬᠠᠨ ᠡᠭᠦᠰᠭᠡᠳᠡᠭ᠃  ●ᠵᠠᠮ ᠳᠡᠭᠡᠷᠡᠬᠢ ᠪᠠᠶᠢᠳᠠᠯ ᠢ ᠠᠩᠬᠠᠷᠴᠤ᠂ ᠭᠡᠨᠡᠳᠲᠡ ᠪᠠᠷ ᠲᠡᠷᠭᠡᠨ ᠤ ᠡᠭᠦᠳᠡ ᠶᠢ ᠨᠡᠭᠡᠭᠡᠵᠦ ᠲᠡᠷᠭᠡᠨ ᠠᠴᠠ ᠪᠠᠭᠤᠵᠤ ᠪᠣᠯᠬᠤ ᠦᠭᠡᠶ᠃  ● ᠵᠠᠮ ᠢ ᠬᠦᠨᠳᠡᠯᠡᠨ ᠣᠭᠲᠣᠯᠬᠤ ᠦᠭᠡᠢ᠂ ᠭᠦᠶᠦᠵᠦ ᠭᠠᠷᠴᠤ ᠪᠣᠯᠬᠤ ᠦᠭᠡᠢ᠃ ᠵᠠᠮ ᠳᠡᠭᠡᠷ᠎ᠡ ᠨᠣᠴᠤᠯᠳᠤᠵᠤ ᠪᠣᠯᠬᠤ ᠦᠭᠡᠢ᠂ ᠵᠠᠮ ᠤᠨ ᠳᠤᠮᠳᠠᠬᠢ ᠬᠠᠰᠢᠶ᠎ᠠ ᠶᠢ ᠠᠪᠠᠷᠢᠵᠤ ᠪᠣᠯᠬᠤ ᠦᠭᠡᠢ᠂ ᠵᠠᠮ ᠳᠡᠭᠡᠷ᠎ᠡ ᠨᠣᠮ ᠦᠵᠡᠬᠦ ᠦᠭᠡᠢ ᠪᠠᠶᠢᠬᠤ ᠬᠡᠷᠡᠭᠲᠡᠢ᠃᠃  ● ᠨᠡᠶᠢᠲᠡ ᠶᠢᠨ ᠮᠠᠰᠢᠨ ᠲᠡᠷᠭᠡ᠂ ᠭᠠᠵᠠᠷ ᠳᠣᠣᠷᠠᠬᠢ ᠲᠡᠮᠦᠷ ᠵᠠᠮ ᠤᠨ ᠭᠠᠯᠲᠤ ᠲᠡᠷᠭᠡᠨ ᠳᠤ  ᠰᠠᠭᠤᠬᠤ ᠳᠠᠭᠠᠨ ᠰᠢᠬᠠᠯᠳᠤᠵᠤ ᠪᠣᠯᠬᠤ ᠦᠭᠡᠶ᠃ ᠲᠡᠷᠭᠡᠨ ᠳᠤ ᠰᠠᠭᠤᠬᠤ ᠳᠤ ᠴᠣᠩᠬᠤ ᠪᠠᠷ ᠲᠣᠯᠣᠭᠠᠶ ᠪᠠᠨ ᠪᠤᠯᠲᠠᠶᠢᠯᠭᠠᠬᠤ ᠥᠬᠡᠶ᠂ ᠲᠡᠷᠭᠡᠨ ᠤ ᠪᠠᠷᠢᠭᠤᠯ ᠢ ᠴᠢᠩᠭ᠎ᠠ ᠪᠠᠷᠢᠵᠤ᠂ ᠲᠡᠷᠭᠡ ᠯᠠᠪᠳᠠᠭᠤᠨ ᠵᠣᠭᠰᠣᠭᠠᠭᠰᠠᠨ ᠤ ᠳᠠᠷᠠᠭ᠎ᠠ ᠰᠠᠶ᠋ᠢ ᠲᠡᠷᠭᠡᠨ ᠠᠴᠠ ᠪᠠᠭᠤᠨ᠎ᠠ᠃    ● ᠮᠠᠰᠢᠨ ᠲᠡᠷᠭᠡ ᠲᠠᠢ ᠵᠠᠮ ᠪᠤᠯᠢᠶᠠᠯᠳᠤᠬᠤ ᠦᠭᠡᠢ᠂ ᠵᠠᠮ ᠤᠨ ᠠᠭᠤᠯᠵᠠᠷ ᠲᠤ ᠪᠠᠶᠢᠳᠠᠯ ᠢ ᠠᠵᠢᠭᠯᠠᠵᠤ᠂ ᠠᠮᠤᠷ ᠲᠦᠪᠰᠢᠨ ᠥᠶ᠎ᠡ ᠳᠤ ᠰᠠᠶ᠋ᠢ ᠵᠠᠮ ᠥᠩᠭᠡᠷᠡᠵᠦ ᠪᠣᠯᠣᠨ᠎ᠠ᠃ ᠮᠠᠰᠢᠨ ᠲᠡᠷᠭᠡᠨ ᠤ ᠵᠠᠮ ᠢᠶᠠᠷ ᠳᠤᠭᠤᠶ ᠲᠡᠷᠭᠡ ᠤᠨᠤᠬᠤ ᠦᠭᠡᠢ᠂ ᠳᠤᠭᠤᠶ ᠲᠡᠷᠭᠡ ᠤᠨᠤᠬᠤ ᠦᠶᠡᠰ ᠳᠠᠭᠤᠤ ᠰᠣᠨᠣᠰᠬᠤ ᠦᠭᠡᠢ ᠪᠠᠶᠢᠬᠤ ᠬᠡᠷᠡᠭᠲᠡᠢ᠃    ●  ᠫᠠᠶᠢᠰᠠ ᠦᠨᠡᠮᠯᠡᠯ ᠦᠭᠡᠶ ᠮᠠᠰᠢᠨ ᠲᠡᠷᠭᠡᠨ ᠳᠤ ᠰᠠᠭᠤᠬᠤ ᠦᠭᠡᠶ᠂ ᠳᠠᠭᠠᠭᠠᠴᠠ  ᠬᠡᠲᠦᠷᠡᠭᠰᠡᠨ ᠮᠠᠰᠢᠨ ᠲᠡᠷᠭᠡᠨ ᠳᠤ ᠰᠠᠭᠤᠬᠤ ᠦᠭᠡᠶ᠃     ● ᠬᠡᠦᠬᠡᠳ ᠢ ᠮᠠᠰᠢᠨ ᠲᠡᠷᠭᠡᠨ ᠳᠣᠲᠣᠷ᠎ᠠ ᠮᠠᠷᠲᠠᠬᠤ ᠠᠴᠠ ᠰᠡᠷᠡᠮᠵᠢᠯᠡᠬᠦ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号