ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ 10 ᠤ ᠦᠳᠡ ᠶᠢᠨ ᠬᠤᠶᠢᠨ᠎ᠠ ᠪᠡᠭᠡᠵᠢᠩ ᠳᠤ ᠮᠠ | ᠶᠢᠩ ᠵᠢᠦ ᠨᠠᠷ ᠲᠠᠢ ᠠᠭᠤᠯᠵᠠᠪᠠ᠃ | | 4 ᠰᠠᠷ᠎ᠠ ᠶᠢᠨ 10 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ | ᠪᠡᠭᠡᠵᠢᠩ ᠳᠤ ᠮᠠ ᠶᠢᠩ ᠵᠢᠦ ᠨᠠᠷ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ | ᠰᠡᠭᠦᠳᠡᠷᠯᠡᠪᠡ᠃ | ᠰᠢ ᠶᠢᠨ ᠫᠢᠩ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠴᠥᠮ ᠳᠤᠮᠳᠠᠳᠤ ᠶᠢᠨ | ᠦᠨᠳᠦᠰᠦᠲᠡᠨ ᠳᠤ ᠬᠠᠷᠢᠶᠠᠯᠠᠭᠳᠠᠨ᠎ᠠ᠃ ᠳᠤᠮᠳᠠᠳᠤ ᠶᠢᠨ ᠦᠨᠳᠦᠰᠦᠲᠡᠨ ᠪᠣᠯ ᠳᠡᠯᠡᠬᠡᠢ ᠳᠡᠭᠡᠷᠡᠬᠢ ᠠᠭᠤᠤ ᠶᠡᠭᠡ | ᠦᠨᠳᠦᠰᠦᠲᠡᠨ ᠪᠠᠶᠢᠵᠤ᠂ ᠥᠨᠢ ᠤᠳᠠᠭᠠᠨ ᠤᠯᠠᠮᠵᠢᠯᠠᠯ ᠲᠠᠢ᠂ ᠭᠡᠷᠡᠯ ᠰᠠᠴᠤᠷᠠᠩᠭᠤᠢ ᠪᠥᠭᠡᠳ ᠳᠡᠯᠡᠬᠡᠢ ᠳ᠋ᠠᠬᠢᠨ ᠳᠤ ᠬᠤᠣᠰ | ᠦᠭᠡᠢ ᠳᠤᠮᠳᠠᠳᠤ ᠶᠢᠨ ᠪᠣᠯᠪᠠᠰᠤᠨ ᠢ ᠡᠭᠦᠳᠦᠨ ᠪᠦᠲᠦᠭᠡᠭᠰᠡᠨ ᠶᠤᠮ᠂ ᠳᠤᠮᠳᠠᠳᠤ ᠶᠢᠨ ᠬᠥᠪᠡᠭᠦᠳ ᠥᠬᠢᠳ ᠨᠢᠭᠡ ᠪᠦᠷᠢ | ᠴᠥᠮ ᠡᠭᠦᠨ ᠤ ᠲᠥᠯᠥᠭᠡ ᠣᠮᠣᠭᠰᠢᠳᠠᠭ ᠪᠥᠭᠡᠳ ᠢᠷᠠᠭᠤ ᠠᠯᠳᠠᠷ ᠲᠠᠢ ᠰᠠᠨᠠᠭᠳᠠᠳᠠᠭ᠃ ᠳᠤᠮᠳᠠᠳᠤ ᠶᠢᠨ ᠦᠨᠳᠦᠰᠦᠲᠡᠨ ᠤ | 5000 ᠭᠠᠷᠤᠢ ᠵᠢᠯ ᠤᠨ ᠤᠷᠲᠤ ᠤᠳᠠᠭᠠᠨ ᠲᠡᠦᠬᠡᠨ ᠳᠤ ᠦᠶ᠎ᠡ ᠦᠶ᠎ᠡ ᠶᠢᠨ ᠡᠪᠦᠭᠡ ᠳᠡᠭᠡᠳᠦᠰ ᠲᠠᠶᠢᠸᠠᠨ ᠳᠤ ᠨᠡᠭᠦᠳᠡᠯᠯᠡᠨ | ᠰᠠᠭᠤᠷᠢᠰᠢᠵᠤ᠂ ᠤᠳᠤᠮ ᠤᠭᠰᠠᠭ᠎ᠠ ᠵᠠᠯᠭᠠᠵᠤ ᠠᠮᠢᠳᠤᠷᠠᠭᠰᠠᠨ ᠢ ᠲᠡᠮᠳᠡᠭᠯᠡᠵᠦ᠂ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠠᠬ᠎ᠠ ᠳᠡᠭᠦᠦ ᠨᠠᠷ ᠭᠠᠳᠠᠭᠠᠳᠤ ᠶᠢᠨ ᠳᠠᠷᠤᠯᠠᠯ ᠢ ᠬᠠᠮᠲᠤ ᠪᠠᠷ ᠡᠰᠡᠷᠭᠦᠴᠡᠵᠦ᠂ ᠲᠠᠶᠢᠸᠠᠨ ᠢ ᠰᠡᠷᠭᠦᠭᠡᠨ | ᠮᠠᠨᠳᠤᠭᠤᠯᠤᠭᠰᠠᠨ ᠢ ᠲᠡᠮᠳᠡᠭᠯᠡᠵᠡᠢ᠃ ᠳᠤᠮᠳᠠᠳᠤ ᠶᠢᠨ ᠦᠨᠳᠦᠰᠦᠲᠡᠨ ᠶᠡᠷᠦ ᠠᠴᠠ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠰᠠᠯᠵᠤ ᠪᠣᠯᠣᠰᠢ ᠦᠭᠡᠢ ᠲᠡᠦᠬᠡ ᠶᠢ ᠪᠢᠴᠢᠭᠯᠡᠵᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ | ᠳᠡᠭᠦᠦ ᠨᠠᠷ ᠤᠨ ᠴᠢᠰᠤ ᠮᠢᠬᠠᠨ ᠤ ᠪᠠᠷᠢᠯᠳᠤᠯᠭ᠎ᠠ ᠲᠠᠢ ᠲᠡᠦᠬᠡ ᠶᠢᠨ ᠪᠣᠳᠠᠲᠤ ᠬᠡᠷᠡᠭ ᠢ ᠰᠡᠶᠢᠯᠦᠭᠰᠡᠨ ᠶᠤᠮ᠃ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠴᠥᠮ ᠳᠤᠮᠳᠠᠳᠤ ᠤᠯᠤᠰ ᠤᠨ ᠬᠥᠮᠥᠨ | ᠮᠥᠨ᠂ ᠶᠠᠮᠠᠷ ᠴᠤ ᠠᠯᠳᠠᠷᠠᠭᠠᠵᠤ ᠲᠠᠶᠢᠯᠭᠦ ᠦᠭᠡᠢ ᠰᠡᠳᠬᠢᠯ ᠤᠨ ᠵᠠᠩᠭᠢᠷᠠᠭ᠎ᠠ ᠭᠡᠵᠦ ᠪᠠᠶᠢᠳᠠᠭ ᠦᠭᠡᠢ᠂ ᠶᠠᠮᠠᠷ ᠴᠤ | ᠵᠥᠪᠳᠡᠯᠴᠡᠵᠦ ᠲᠠᠶᠢᠯᠭᠦ ᠦᠭᠡᠢ ᠠᠰᠠᠭᠤᠳᠠᠯ ᠭᠡᠵᠦ ᠪᠠᠶᠢᠳᠠᠭ ᠦᠭᠡᠢ᠂ ᠶᠠᠮᠠᠷ ᠴᠤ ᠬᠦᠴᠦᠨ ᠭᠡᠳ ᠪᠢᠳᠡᠨ ᠢ ᠰᠠᠯᠭᠠᠵᠤ | ᠳᠡᠶᠢᠯᠭᠦ ᠦᠭᠡᠢ ᠶᠤᠮ᠃ ᠳᠠᠯᠠᠢ ᠶᠢᠨ ᠬᠤᠭᠤᠯᠠᠢ ᠶᠢᠨ ᠬᠤᠭᠤᠷᠣᠨᠳᠣᠭᠢ ᠵᠠᠢ ᠨᠢ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠠᠬ᠎ᠠ ᠳᠡᠭᠦᠦ ᠨᠠᠷ ᠤᠨ ᠴᠢᠰᠤ ᠮᠢᠬᠠᠨ ᠤ ᠪᠠᠷᠢᠯᠳᠤᠯᠭ᠎ᠠ ᠶᠢ ᠲᠠᠰᠤᠯᠵᠤ ᠲᠠᠶᠢᠯᠭᠦ ᠦᠭᠡᠢ ᠶᠤᠮ᠃ | ᠪᠠᠶᠢᠭᠤᠯᠤᠯ ᠤᠨ ᠠᠳᠠᠯᠢ ᠪᠤᠰᠤ ᠨᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠢᠨ ᠴᠥᠮ ᠨᠢᠭᠡ ᠤᠯᠤᠰ᠂ ᠨᠢᠭᠡ | ᠦᠨᠳᠦᠰᠦᠲᠡᠨ ᠳᠤ ᠬᠠᠷᠢᠶᠠᠯᠠᠭᠳᠠᠬᠤ ᠪᠤᠰᠤᠳᠴᠢ ᠪᠣᠳᠠᠲᠤ ᠬᠡᠷᠡᠭ ᠢ ᠬᠤᠪᠢᠷᠠᠭᠤᠯᠵᠤ ᠴᠢᠳᠠᠬᠤ ᠦᠭᠡᠢ ᠶᠤᠮ᠃ | ᠭᠠᠳᠠᠭᠠᠳᠤ ᠶᠢᠨ ᠭᠠᠷ ᠳᠦᠷᠦᠯᠲᠡ ᠨᠢ ᠤᠯᠤᠰ ᠭᠡᠷ ᠢᠶᠠᠷ ᠢᠶᠠᠨ ᠪᠦᠯᠬᠦᠮᠳᠡᠨ ᠨᠢᠭᠡᠳᠬᠦ ᠲᠡᠦᠬᠡ ᠶᠢᠨ ᠶᠡᠭᠡ ᠬᠠᠨᠳᠤᠰᠢ ᠶᠢ | ᠬᠤᠷᠢᠭᠯᠠᠵᠤ ᠴᠢᠳᠠᠬᠤ ᠦᠭᠡᠢ ᠶᠤᠮ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠶᠠᠪᠤᠵᠤ | ᠢᠷᠡᠭᠰᠡᠨ ᠵᠠᠮ ᠲᠤᠷᠰᠢ ᠢᠮᠠᠭᠲᠠ ᠤᠳᠤᠮ ᠤᠯᠠᠮᠵᠢᠯᠠᠯ ᠨᠢᠭᠡᠲᠡᠢ ᠪᠠᠶᠢᠵᠤ᠂ ᠰᠡᠳᠬᠢᠯ ᠵᠢᠷᠦᠬᠡ ᠪᠠᠨ ᠬᠤᠯᠪᠣᠵᠤ᠂ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠵᠤ ᠢᠷᠡᠭᠰᠡᠨ ᠶᠤᠮ᠃ | ᠵᠠᠯᠠᠭᠤᠴᠤᠳ ᠪᠣᠯ ᠤᠯᠤᠰ ᠣᠷᠣᠨ ᠤ ᠬᠦᠰᠡᠯ ᠡᠷᠡᠮᠡᠯᠵᠡᠯ᠂ ᠦᠨᠳᠦᠰᠦᠲᠡᠨ ᠤ ᠢᠷᠡᠭᠡᠳᠦᠢ ᠮᠥᠨ᠃ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠰᠠᠶᠢᠨ ᠪᠠᠶᠢᠪᠠᠯ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ | ᠢᠷᠡᠭᠡᠳᠦᠢ ᠰᠠᠶ᠋ᠢ ᠰᠠᠶᠢᠨ ᠪᠠᠶᠢᠵᠤ ᠴᠢᠳᠠᠨ᠎ᠠ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠳᠤᠮᠳᠠᠳᠤ | ᠤᠯᠤᠰ ᠤᠨ ᠬᠥᠮᠥᠨ ᠪᠣᠯᠤᠭᠰᠠᠨ ᠤ ᠡᠷᠴᠢ ᠵᠣᠷᠢᠭ᠂ ᠰᠥᠰᠥ ᠵᠣᠷᠢᠭ᠂ ᠢᠲᠡᠭᠡᠯ ᠵᠣᠷᠢᠭ ᠢᠶᠠᠨ ᠴᠢᠩᠭᠠᠷᠠᠭᠤᠯᠵᠤ᠂ | ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠤ ᠪᠤᠶᠠᠨ ᠵᠢᠷᠭᠠᠯ ᠢ ᠬᠠᠮᠲᠤ ᠪᠠᠷ ᠡᠭᠦᠳᠴᠦ᠂ ᠳᠤᠮᠳᠠᠳᠤ ᠶᠢᠨ | ᠦᠨᠳᠦᠰᠦᠲᠡᠨ ᠤ ᠲᠡᠦᠬᠡ ᠶᠢᠨ ᠰᠢᠨ᠎ᠡ ᠭᠡᠷᠡᠯ ᠰᠠᠴᠤᠷᠠᠩᠭᠤᠢ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠬᠠᠮᠲᠤ ᠶᠢᠨ ᠤᠳᠤᠮ | ᠤᠯᠠᠮᠵᠢᠯᠠᠯ ᠲᠠᠢ᠂ ᠬᠠᠮᠲᠤ ᠶᠢᠨ ᠰᠣᠶᠣᠯ᠂ ᠬᠠᠮᠲᠤ ᠶᠢᠨ ᠲᠡᠦᠬᠡ ᠲᠠᠢ ᠶᠤᠮ᠂ ᠨᠠᠩ ᠴᠢᠬᠤᠯᠠ ᠨᠢ ᠪᠢᠳᠡ ᠦᠨᠳᠦᠰᠦᠲᠡᠨ ᠳᠡᠭᠡᠨ | ᠬᠠᠮᠲᠤ ᠶᠢᠨ ᠬᠠᠷᠢᠭᠤᠴᠠᠯᠭ᠎ᠠ ᠲᠠᠢ᠂ ᠢᠷᠡᠭᠡᠳᠦᠢ ᠳᠡᠭᠡᠨ ᠬᠠᠮᠲᠤ ᠶᠢᠨ ᠬᠦᠰᠡᠯ ᠡᠷᠡᠮᠡᠯᠵᠡᠯ ᠲᠠᠢ ᠪᠠᠶᠢᠬᠤ ᠶᠠᠪᠤᠳᠠᠯ ᠪᠣᠯᠣᠨ᠎ᠠ᠃ | ᠪᠢᠳᠡ ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠ ᠶᠢᠨ ᠠᠰᠢᠭ ᠲᠤᠰᠠ ᠪᠣᠯᠣᠨ ᠠᠯᠤᠰ ᠭᠡᠳᠤ ᠶᠢᠨ | ᠬᠥᠭᠵᠢᠯᠲᠡ ᠠᠴᠠ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭᠠᠨ ᠤ ᠶᠡᠭᠡ ᠲᠠᠯ᠎ᠠ ᠶᠢ ᠡᠵᠡᠮᠳᠡᠬᠦ ᠬᠡᠷᠡᠭᠲᠡᠢ᠃ | ᠨᠢᠭᠡᠳᠦᠭᠡᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠭᠡᠷ ᠣᠷᠣᠨ ᠢ ᠡᠷᠡᠰ ᠰᠠᠬᠢᠨ ᠬᠠᠮᠠᠭᠠᠯᠠᠬᠤ | ᠬᠡᠷᠡᠭᠲᠡᠢ᠃ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠪᠣᠯᠪᠠᠰᠤᠨ ᠬᠡᠳᠦᠨ ᠮᠢᠩᠭᠠᠨ ᠵᠢᠯ ᠤᠨ ᠲᠤᠷᠰᠢ ᠤᠯᠠᠷᠢᠨ | ᠬᠤᠪᠢᠰᠤᠯᠲᠠ ᠶᠢ ᠥᠩᠭᠡᠷᠡᠭᠡᠵᠦ᠂ ᠬᠠᠯᠠ ᠵᠣᠪᠠᠯᠠᠩ ᠢ ᠬᠠᠰᠢᠷᠠᠲᠠᠯ᠎ᠠ ᠠᠮᠰᠠᠭᠰᠠᠨ ᠪᠤᠯᠪᠠᠴᠤ ᠦᠶ᠎ᠡ ᠶᠢᠨ ᠦᠶ᠎ᠡ ᠪᠠᠷ ᠣᠷᠣᠰᠢᠨ | ᠲᠣᠭᠲᠠᠨᠢᠵᠤ᠂ ᠲᠠᠰᠤᠷᠠᠯᠳᠠ ᠦᠭᠡᠢ ᠦᠷᠭᠦᠯᠵᠢᠯᠡᠭᠰᠡᠨ ᠤ ᠵᠠᠩᠭᠢᠯᠠᠭ᠎ᠠ ᠨᠢ ᠳᠤᠮᠳᠠᠳᠤ ᠶᠢᠨ ᠦᠨᠳᠦᠰᠦᠲᠡᠨ ᠳᠤ ᠢᠮᠠᠭᠲᠠ | ᠤᠯᠤᠰ ᠤᠨ ᠨᠤᠲᠤᠭ ᠳᠡᠪᠢᠰᠬᠡᠷ ᠢ ᠰᠠᠯᠭᠠᠵᠤ ᠪᠤᠯᠬᠤ ᠦᠭᠡᠢ᠂ ᠤᠯᠤᠰ ᠣᠷᠣᠨ ᠢ ᠰᠠᠮᠠᠭᠤᠷᠠᠭᠤᠯᠵᠤ ᠪᠤᠯᠬᠤ ᠦᠭᠡᠢ᠂ | ᠦᠨᠳᠦᠰᠦᠲᠡᠨ ᠢ ᠰᠠᠷᠨᠢᠭᠤᠯᠵᠤ ᠪᠤᠯᠬᠤ ᠦᠭᠡᠢ᠂ ᠪᠣᠯᠪᠠᠰᠤᠨ ᠢ ᠲᠠᠰᠤᠯᠳᠠᠭᠤᠯᠵᠤ ᠪᠤᠯᠬᠤ ᠦᠭᠡᠢ ᠭᠡᠰᠡᠨ ᠬᠠᠮᠲᠤ ᠶᠢᠨ | ᠢᠲᠡᠭᠡᠯ ᠵᠣᠷᠢᠭ ᠲᠠᠢ ᠪᠠᠶᠢᠳᠠᠭ ᠲᠤ ᠣᠷᠣᠰᠢᠨ᠎ᠠ᠃ ᠨᠢᠭᠡᠨ ᠡᠷᠡᠰ ᠴᠢᠩᠭ᠎ᠠ ᠨᠢᠭᠡᠳᠦᠭᠰᠡᠨ ᠤᠯᠤᠰ ᠪᠣᠯ ᠢᠮᠠᠭᠲᠠ ᠲᠠᠶᠢᠸᠠᠨ ᠤ | ᠠᠬ᠎ᠠ ᠳᠡᠭᠦᠦ ᠨᠠᠷ ᠢ ᠪᠠᠭᠲᠠᠭᠠᠭᠰᠠᠨ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠤᠪᠢ ᠵᠠᠶᠠᠭ᠎ᠠ ᠲᠠᠢ ᠬᠤᠯᠪᠣᠭᠳᠠᠵᠤ | ᠪᠠᠶᠢᠳᠠᠭ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ | ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠭᠡᠷ ᠣᠷᠣᠨ ᠢᠶᠠᠨ ᠡᠷᠡᠰ ᠰᠠᠬᠢᠨ ᠬᠠᠮᠠᠭᠠᠯᠠᠵᠤ᠂ ᠨᠠᠶᠢᠷᠠᠮᠳᠠᠯ ᠢᠶᠠᠷ ᠨᠢᠭᠡᠳᠬᠡᠬᠦ ᠰᠠᠶᠢᠨ | ᠰᠠᠶᠢᠬᠠᠨ ᠢᠷᠡᠭᠡᠳᠦᠢ ᠶᠢ ᠬᠠᠮᠲᠤ ᠪᠠᠷ ᠬᠥᠭᠡᠭᠡᠴᠡᠯᠳᠦᠨ᠂ ᠳᠤᠮᠳᠠᠳᠤ ᠶᠢᠨ ᠦᠨᠳᠦᠰᠦᠲᠡᠨ ᠤ ᠬᠤᠪᠢ ᠵᠠᠶᠠᠭ᠎ᠠ ᠶᠢ | ᠳᠤᠮᠳᠠᠳᠤᠴᠤᠳ ᠤᠨ ᠥᠪᠡᠷ ᠤᠨ ᠬᠢᠨᠢ ᠭᠠᠷ ᠲᠤ ᠪᠠᠲᠤ ᠡᠵᠡᠮᠰᠢᠭᠦᠯᠬᠦ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠠᠬ᠎ᠠ ᠳᠡᠭᠦᠦ ᠨᠠᠷ ᠴᠥᠮ ᠭᠡᠷ ᠣᠷᠣᠨ ᠨᠢ ᠡᠩᠬᠡ ᠲᠠᠶᠢᠪᠤᠩ ᠠᠮᠤᠷ ᠠᠮᠤᠭᠤᠯᠠᠩ᠂ ᠭᠡᠷ ᠪᠦᠯᠢ ᠪᠠᠷ ᠢᠶᠠᠨ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠶᠢ ᠬᠦᠰᠡᠨ ᠡᠷᠡᠮᠡᠯᠵᠡᠵᠦ ᠪᠠᠶᠢᠳᠠᠭ᠂ ᠡᠶᠢᠮᠦ ᠠᠴᠠ ᠡᠷᠬᠡᠪᠰᠢ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠂ ᠵᠠᠩᠭᠢᠯᠠᠭ᠎ᠠ | ᠨᠢ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠢᠯᠡᠷᠡᠭᠦᠯᠦᠭᠰᠡᠨ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ | ᠪᠠᠷᠢᠮᠲᠠᠯᠠᠬᠤ ᠳᠤ ᠪᠤᠢ᠂ ᠭᠤᠣᠯᠳᠠᠯᠭ᠎ᠠ ᠨᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠢᠨ ᠪᠣᠯ ᠨᠢᠭᠡ ᠤᠯᠤᠰ᠂ ᠨᠢᠭᠡ | ᠦᠨᠳᠦᠰᠦᠲᠡᠨ ᠳᠤ ᠬᠠᠷᠢᠶᠠᠯᠠᠭᠳᠠᠬᠤ ᠦᠨᠳᠦᠰᠦᠨ ᠪᠣᠳᠠᠲᠤ ᠬᠡᠷᠡᠭ ᠤᠨ ᠲᠤᠬᠠᠢ ᠬᠠᠮᠲᠤ ᠶᠢᠨ ᠲᠠᠨᠢᠯᠲᠠ ᠲᠠᠢ ᠪᠠᠶᠢᠬᠤ ᠳᠤ | ᠪᠤᠢ᠃ ᠤᠯᠤᠰ ᠣᠷᠣᠨ ᠢ ᠬᠠᠭᠠᠴᠠᠭᠤᠯᠬᠤ ᠦᠭᠡᠢ ᠯᠡ ᠶᠤᠮ ᠪᠣᠯ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠢᠨ | ᠴᠥᠮ ᠳᠤᠮᠳᠠᠳᠤ ᠤᠯᠤᠰ ᠤᠨ ᠬᠥᠮᠥᠨ᠂ ᠨᠢᠭᠡ ᠭᠡᠷ ᠤᠨ ᠬᠥᠮᠥᠨ ᠮᠥᠨ ᠭᠡᠳᠡᠭ ᠢ ᠮᠡᠳᠡᠷᠡᠳᠡᠭ ᠯᠡ ᠶᠤᠮ ᠪᠣᠯ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠬᠠᠮᠲᠤ ᠰᠠᠭᠤᠯᠴᠠᠵᠤ᠂ ᠭᠡᠷ ᠤᠨ ᠬᠥᠮᠥᠰ ᠤᠨ ᠤᠴᠢᠷ ᠢᠶᠠᠨ | ᠤᠷᠢᠳ ᠢᠶᠠᠷ ᠬᠠᠷᠢᠯᠴᠠᠵᠤ ᠰᠠᠨᠠᠯ ᠢᠶᠠᠨ ᠰᠣᠯᠢᠯᠴᠠᠵᠤ᠂ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠢᠲᠡᠭᠡᠯᠴᠡᠭᠡ ᠪᠠᠨ | ᠨᠡᠮᠡᠭᠳᠡᠭᠦᠯᠵᠦ᠂ ᠵᠥᠷᠢᠴᠡᠯ ᠢ ᠠᠷᠢᠯᠭᠠᠵᠤ᠂ ᠬᠠᠮᠲᠤ ᠶᠢᠨ ᠲᠠᠨᠢᠯᠲᠠ ᠪᠠᠨ ᠡᠷᠢᠯᠬᠢᠯᠡᠵᠦ ᠪᠦᠷᠢᠮᠦᠰᠦᠨ ᠪᠤᠯᠬᠤ ᠶᠤᠮ᠃ | ᠬᠤᠶᠠᠳᠤᠭᠠᠷ ᠲᠤ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠪᠤᠶᠠᠨ ᠵᠢᠷᠭᠠᠯ ᠢ ᠡᠷᠡᠰ ᠪᠠᠲᠤ ᠬᠠᠮᠲᠤ ᠪᠠᠷ | ᠴᠣᠭᠴᠠᠯᠠᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠲᠤ ᠪᠤᠶᠠᠨ ᠵᠢᠷᠭᠠᠯ ᠣᠯᠭᠤᠬᠤ | ᠪᠣᠯ ᠪᠢᠳᠡᠨ ᠤ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠶᠢ ᠬᠥᠭᠵᠢᠭᠦᠯᠬᠦ ᠶᠢᠨ ᠵᠣᠷᠢᠯᠲᠠ ᠪᠠ | ᠲᠤᠰᠤᠯᠲᠠ ᠮᠥᠨ᠃ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠤ ᠪᠤᠶᠠᠨ ᠵᠢᠷᠭᠠᠯ ᠢ ᠬᠠᠮᠲᠤ ᠪᠠᠷ ᠴᠣᠭᠴᠠᠯᠠᠬᠤ | ᠬᠠᠷᠠᠯᠲᠠ ᠮᠠᠰᠢ ᠠᠤᠭ᠎ᠠ ᠶᠡᠭᠡ᠂ ᠮᠠᠰᠢ ᠪᠣᠷᠣᠭᠵᠢᠭᠤᠨ ᠶᠤᠮ᠂ ᠡᠴᠦᠰ ᠤᠨ ᠡᠴᠦᠰ ᠲᠡᠭᠡᠨ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠠᠬ᠎ᠠ ᠳᠡᠭᠦᠦ ᠨᠠᠷ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠵᠦ᠂ ᠲᠠᠶᠢᠸᠠᠨ ᠤ | ᠠᠬ᠎ᠠ ᠳᠡᠭᠦᠦ ᠨᠠᠷ ᠢ ᠪᠠᠭᠲᠠᠭᠠᠭᠰᠠᠨ ᠪᠦᠭᠦ ᠳᠤᠮᠳᠠᠳᠤᠴᠤᠳ ᠢ ᠨᠡᠩ ᠰᠠᠶᠢᠨ ᠰᠠᠶᠢᠬᠠᠨ ᠠᠮᠢᠳᠤᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠶᠠᠪᠤᠳᠠᠯ | ᠪᠣᠯᠣᠨ᠎ᠠ᠃ ᠪᠢᠳᠡ ᠡᠬᠡ ᠬᠠᠭᠤᠷᠠᠢ ᠶᠢᠨ 14 ᠳ᠋ᠦᠩᠰᠢᠭᠤᠷ ᠭᠠᠷᠤᠢ ᠠᠬ᠎ᠠ ᠳᠡᠭᠦᠦ ᠨᠠᠷ ᠢᠶᠠᠨ ᠳᠠᠭᠠᠭᠤᠯᠤᠨ ᠰᠠᠶᠢᠨ | ᠰᠠᠶᠢᠬᠠᠨ ᠠᠮᠢᠳᠤᠷᠠᠯ ᠢ ᠡᠳ᠋ᠯᠡᠬᠦ ᠴᠢᠳᠠᠪᠤᠷᠢ ᠲᠠᠢ ᠪᠥᠭᠡᠳ ᠲᠠᠶᠢᠸᠠᠨ ᠤ ᠠᠬ᠎ᠠ ᠳᠡᠭᠦᠦ ᠨᠠᠷ ᠲᠠᠢ ᠬᠠᠮᠲᠤ ᠰᠠᠶᠢᠨ ᠰᠠᠶᠢᠬᠠᠨ | ᠢᠷᠡᠭᠡᠳᠦᠢ ᠶᠢ ᠬᠠᠮᠲᠤ ᠪᠠᠷ ᠴᠣᠭᠴᠠᠯᠠᠬᠤ ᠪᠦᠷᠢᠨ ᠴᠢᠳᠠᠪᠤᠷᠢ ᠲᠠᠢ ᠶᠤᠮ᠃ᠪᠢᠳᠡ ᠢᠮᠠᠭᠲᠠ ᠲᠠᠶᠢᠸᠠᠨ ᠤ ᠠᠬ᠎ᠠ ᠳᠡᠭᠦᠦ | ᠨᠠᠷ ᠤᠨ ᠪᠤᠶᠠᠨ ᠵᠢᠷᠭᠠᠯ ᠢ ᠪᠣᠳᠣᠯᠬᠢᠯᠠᠵᠤ᠂ ᠡᠩ ᠲᠡᠷᠢᠭᠦᠨ ᠳᠤ ᠲᠠᠶᠢᠸᠠᠨ ᠤ ᠠᠬ᠎ᠠ ᠳᠡᠭᠦᠦ ᠨᠠᠷ ᠲᠠᠢ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠠᠵᠠ ᠲᠣᠭᠢᠶᠠᠯ ᠢ ᠬᠤᠪᠢᠶᠠᠯᠴᠠᠵᠤ᠂ ᠡᠬᠡ ᠤᠯᠤᠰ ᠤᠨ ᠡᠬᠡ | ᠬᠠᠭᠤᠷᠠᠢ ᠶᠢᠨ ᠬᠥᠭᠵᠢᠯᠲᠡ ᠲᠠᠪᠰᠢᠯᠳᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠢᠳᠡᠪᠬᠢᠲᠡᠢ ᠪᠠᠷ ᠲᠠᠶᠢᠸᠠᠨ ᠤ | ᠠᠬ᠎ᠠ ᠳᠡᠭᠦᠦ ᠨᠠᠷ ᠲᠤ ᠪᠣᠳᠠᠲᠤ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ᠬᠦᠴᠢᠷ ᠶᠠᠪᠤᠳᠠᠯ ᠢ ᠨᠢ ᠰᠢᠢᠳᠪᠦᠷᠢᠯᠡᠵᠦ᠂ | ᠲᠠᠶᠢᠸᠠᠨ ᠤ ᠠᠬ᠎ᠠ ᠳᠡᠭᠦᠦ ᠨᠠᠷ ᠤᠨ ᠠᠰᠢᠭ ᠲᠤᠰᠠ ᠶᠢ ᠨᠡᠩ ᠤᠯᠠᠨ᠂ ᠪᠤᠶᠠᠨ ᠵᠢᠷᠭᠠᠯ ᠢ ᠨᠡᠩ ᠪᠣᠳᠠᠲᠠᠢ᠂ ᠢᠷᠡᠭᠡᠳᠦᠢ ᠶᠢ | ᠨᠡᠩ ᠰᠠᠶᠢᠨ ᠰᠠᠶᠢᠬᠠᠨ ᠪᠣᠯᠭᠠᠨ᠎ᠠ᠃ | ᠭᠤᠷᠪᠠᠳᠤᠭᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤᠷᠲᠤ ᠤᠳᠠᠭᠠᠨ ᠲᠡᠦᠬᠡᠨ ᠶᠠᠪᠤᠴᠠ ᠳᠤ᠂ ᠡᠷᠳᠡᠨᠢ ᠶᠢᠨ ᠠᠷᠠᠯ | ᠲᠠᠶᠢᠸᠠᠨ ᠵᠡᠷᠭᠡ ᠶᠢ ᠪᠠᠭᠲᠠᠭᠠᠭᠰᠠᠨ ᠡᠬᠡ ᠣᠷᠣᠨ ᠤ ᠬᠢᠯᠢ ᠬᠢᠵᠠᠭᠠᠷ ᠢ ᠬᠠᠮᠲᠤ ᠪᠠᠷ ᠪᠦᠲᠦᠭᠡᠨ ᠪᠠᠶᠢᠭᠤᠯᠵᠤ᠂ ᠳᠤᠮᠳᠠᠳᠤ | ᠤᠯᠤᠰ ᠤᠨ ᠲᠡᠦᠬᠡ ᠶᠢ ᠬᠠᠮᠲᠤ ᠪᠠᠷ ᠪᠢᠴᠢᠭᠯᠡᠵᠦ᠂ ᠳᠤᠮᠳᠠᠳᠤ ᠶᠢᠨ ᠰᠣᠶᠣᠯ ᠢ ᠬᠠᠮᠲᠤ ᠪᠠᠷ ᠡᠭᠦᠳᠦᠨ ᠪᠦᠲᠦᠭᠡᠵᠦ᠂ | ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠲᠤ ᠪᠠᠷ ᠪᠤᠢ ᠪᠤᠯᠭᠠᠬᠰᠠᠨ ᠶᠤᠮ᠃ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠠᠬ᠎ᠠ ᠳᠡᠭᠦᠦ ᠨᠠᠷ ᠪᠣᠯ ᠶᠡᠷᠦ ᠠᠴᠠ ᠨᠢᠭᠡ ᠭᠡᠷ ᠤᠨ ᠬᠥᠮᠥᠨ ᠪᠣᠯᠬᠤᠷ ᠦᠷᠭᠦᠯᠵᠢ ᠶᠠᠪᠤᠯᠴᠠᠵᠤ᠂ ᠶᠠᠪᠤᠬᠤ | ᠲᠤᠳᠤᠮ ᠣᠶᠢᠷ᠎ᠠ ᠳᠣᠲᠣᠨᠣ ᠪᠣᠯᠪᠠᠯ ᠵᠣᠬᠢᠨ᠎ᠠ᠃ ᠪᠢᠳᠡ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠰᠣᠯᠢᠯᠴᠠᠭᠠᠨ ᠤ ᠳᠤᠮᠳᠠ ᠰᠡᠳᠬᠢᠯ ᠢᠶᠠᠨ ᠰᠣᠯᠢᠯᠴᠠᠬᠤ᠂ | ᠶᠠᠪᠤᠯᠴᠠᠭᠠᠨ ᠤ ᠳᠤᠮᠳᠠ ᠢᠲᠡᠭᠡᠯ ᠢᠶᠠᠨ ᠨᠡᠮᠡᠭᠳᠡᠭᠦᠯᠬᠦ᠂ ᠰᠡᠳᠬᠢᠯ ᠰᠠᠨᠠᠭ᠎ᠠ ᠪᠠᠨ ᠣᠯᠣᠯᠴᠠᠬᠤ ᠶᠢ ᠠᠬᠢᠭᠤᠯᠤᠨ᠎ᠠ᠃ ᠪᠢᠳᠡ | ᠥᠷᠭᠡᠨ ᠤᠯᠠᠨ ᠲᠠᠶᠢᠸᠠᠨ ᠤ ᠠᠬ᠎ᠠ ᠳᠡᠭᠦᠦ ᠨᠠᠷ ᠢ ᠡᠬᠡ ᠬᠠᠭᠤᠷᠠᠢ ᠳᠤ ᠢᠯᠡᠭᠦᠬᠡᠨ ᠢᠷᠡᠵᠦ ᠠᠶᠢᠯᠴᠢᠯᠠᠬᠤ ᠶᠢ | ᠬᠠᠯᠠᠭᠤᠨ ᠢᠶᠠᠷ ᠤᠷᠢᠵᠤ ᠪᠠᠶᠢᠬᠤ ᠪᠥᠭᠡᠳ ᠡᠬᠡ ᠬᠠᠭᠤᠷᠠᠢ ᠶᠢᠨ ᠠᠷᠠᠳ ᠤᠯᠠᠨ ᠡᠬᠡ ᠤᠯᠤᠰ ᠤᠨ ᠡᠷᠳᠡᠨᠢ ᠶᠢᠨ ᠠᠷᠠᠯ ᠳᠤ | ᠢᠯᠡᠭᠦᠬᠡᠨ ᠣᠴᠢᠵᠤ ᠦᠵᠡᠬᠦ ᠶᠢ ᠬᠦᠰᠡᠵᠦ ᠪᠠᠶᠢᠨ᠎ᠠ᠃ | ᠳᠤᠮᠳᠠᠳᠤ ᠶᠢᠨ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭᠠᠨ ᠤ ᠠᠮᠢᠨ ᠰᠤᠳᠠᠰᠤ ᠮᠥᠨ᠂ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠬᠠᠮᠲᠤ ᠶᠢᠨ ᠵᠣᠷᠢᠭ ᠰᠠᠨᠠᠭᠠᠨ ᠤ ᠭᠡᠷ ᠣᠷᠣᠨ | ᠮᠥᠨ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠳᠤᠮᠳᠠᠳᠤ ᠶᠢᠨ ᠰᠣᠶᠣᠯ ᠤᠨ ᠢᠲᠡᠭᠡᠯ ᠢᠶᠠᠨ | ᠪᠠᠲᠤᠳᠬᠠᠵᠤ᠂ ᠤᠬᠠᠮᠰᠠᠷ ᠠᠴᠠ ᠪᠠᠨ ᠳᠤᠮᠳᠠᠳᠤ ᠶᠢᠨ ᠰᠣᠶᠣᠯ ᠤᠨ ᠰᠠᠬᠢᠨ ᠬᠠᠮᠠᠭᠠᠯᠠᠭᠴᠢ᠂ ᠤᠯᠠᠮᠵᠢᠯᠠᠨ ᠵᠠᠯᠭᠠᠮᠵᠢᠯᠠᠭᠴᠢ᠂ | ᠪᠠᠳᠠᠷᠠᠭᠤᠯᠤᠨ ᠮᠠᠨᠳᠤᠭᠤᠯᠤᠭᠴᠢ ᠪᠣᠯᠵᠤ᠂ ᠳᠤᠮᠳᠠᠳᠤ ᠶᠢᠨ ᠦᠨᠳᠦᠰᠦᠲᠡᠨ ᠤ ᠬᠠᠷᠢᠶᠠᠯᠠᠭᠳᠠᠬᠤᠢ ᠲᠥᠷᠥᠭᠳᠡᠯ᠂ ᠮᠡᠳᠡᠷᠡᠬᠦ | ᠰᠡᠳᠬᠢᠯᠭᠡ᠂ ᠢᠷᠠᠭᠤ ᠠᠯᠳᠠᠷᠲᠤ ᠰᠡᠳᠬᠢᠯᠭᠡ ᠪᠠᠨ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ᠃ | ᠳᠥᠷᠪᠡᠳᠦᠭᠡᠷ ᠲᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠡᠷᠡᠰ ᠪᠡᠶᠡᠯᠡᠭᠦᠯᠬᠦ | ᠬᠡᠷᠡᠭᠲᠡᠢ᠃ ᠵᠠᠭᠤᠨ ᠵᠢᠯ ᠤᠨ ᠲᠡᠮᠡᠴᠡᠯ ᠢᠶᠠᠷ ᠳᠠᠮᠵᠢᠭᠠᠳ᠂ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠵᠠᠮ ᠢᠶᠠᠷ ᠠᠮᠵᠢᠯᠲᠠ ᠲᠠᠢ ᠵᠠᠮᠨᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠶᠢ ᠤᠭᠲᠤᠨ | ᠠᠪᠴᠢᠷᠠᠵᠤ᠂ ᠰᠦᠨ ᠵᠦᠩ ᠱᠠᠨ ᠠᠪᠤᠭᠠᠢ ᠶᠢᠨ ᠲᠤᠬᠠᠢ ᠶᠢᠨ ᠵᠢᠯ ᠤᠨ ᠵᠢᠷᠤᠭᠯᠠᠭᠰᠠᠨ ᠵᠢᠷᠤᠭ ᠲᠥᠰᠥᠪ ᠢ | ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠰᠦᠨ ᠵᠦᠩ ᠱᠠᠨ ᠠᠪᠤᠭᠠᠢ ᠶᠢᠨ ᠵᠢᠱᠢᠭᠰᠡᠨ ᠠᠯᠤᠰ ᠤᠨ ᠲᠥᠰᠥᠪ ᠠᠴᠠ ᠬᠤᠯᠠ | ᠳᠠᠪᠠᠭᠰᠠᠨ ᠮᠠᠰᠢ ᠤᠯᠠᠨ ᠠᠮᠵᠢᠯᠲᠠ ᠪᠦᠲᠦᠮᠵᠢ ᠶᠢ ᠡᠭᠦᠳᠦᠨ ᠪᠦᠲᠦᠭᠡᠭᠰᠡᠨ ᠶᠤᠮ᠃ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠲᠡᠦᠬᠡᠨ ᠬᠦᠷᠳᠦ ᠦᠷᠭᠦᠯᠵᠢᠯᠡᠨ ᠤᠷᠤᠭᠰᠢᠯᠠᠬᠤ ᠳᠤ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ | ᠠᠬ᠎ᠠ ᠳᠡᠭᠦᠦ ᠨᠠᠷ ᠤᠨ ᠲᠡᠮᠡᠴᠡᠯ ᠪᠠ ᠬᠦᠴᠦ ᠬᠥᠯᠥᠰᠦ ᠰᠢᠩᠭᠡᠵᠦ ᠪᠠᠶᠢᠭ᠎ᠠ ᠪᠣᠯᠬᠤᠷ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠠᠬ᠎ᠠ ᠳᠡᠭᠦᠦ ᠨᠠᠷ ᠰᠡᠳᠬᠢᠯ ᠨᠢᠭᠡᠳᠦᠨ ᠬᠠᠮᠲᠤ ᠪᠠᠷ ᠡᠭᠦᠳᠴᠦ᠂ ᠦᠷᠭᠦᠯᠵᠢᠯᠡᠨ ᠲᠡᠮᠡᠴᠡᠬᠦ ᠴᠢᠬᠤᠯᠠᠲᠠᠢ ᠪᠥᠭᠡᠳ | ᠡᠴᠦᠰ ᠲᠡᠭᠡᠨ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠪᠤᠤᠬᠢᠶ᠎ᠠ ᠳᠠᠮᠵᠢᠭᠤᠯᠤᠨ ᠲᠡᠮᠡᠴᠡᠬᠦ | ᠶᠠᠪᠤᠴᠠ ᠳᠤ ᠪᠡᠶᠡᠯᠡᠭᠳᠡᠬᠦ ᠪᠣᠯᠣᠨ᠎ᠠ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠯᠠᠪᠲᠠᠢ ᠶᠡᠭᠡ | ᠦᠢᠯᠡᠰ ᠢ ᠪᠦᠲᠦᠭᠡᠵᠦ ᠪᠤᠯᠬᠤ ᠪᠥᠭᠡᠳ ᠶᠡᠭᠡ ᠦᠢᠯᠡᠰ ᠢ ᠪᠦᠲᠦᠭᠡᠵᠦ ᠯᠠᠪᠲᠠᠢ ᠴᠢᠳᠠᠬᠤ ᠶᠤᠮ᠃ ᠪᠢᠳᠡ ᠲᠠᠶᠢᠸᠠᠨ ᠤ | ᠵᠠᠯᠠᠭᠤᠴᠤᠳ ᠤᠨ ᠡᠬᠡ ᠤᠯᠤᠰ ᠤᠨ ᠡᠬᠡ ᠬᠠᠭᠤᠷᠠᠢ ᠳᠤ ᠢᠷᠡᠵᠦ ᠬᠦᠰᠡᠯ ᠵᠡᠭᠦᠳᠦ ᠪᠠᠨ ᠬᠥᠭᠡᠭᠡᠴᠡᠯᠳᠦᠬᠦ᠂ ᠬᠦᠰᠡᠯ | ᠵᠡᠭᠦᠳᠦ ᠪᠠᠨ ᠴᠣᠭᠴᠠᠯᠠᠬᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠪᠠᠶᠠᠷᠯᠠᠨ ᠤᠭᠲᠤᠵᠤ᠂ ᠲᠠᠶᠢᠸᠠᠨ ᠬᠤᠭᠤᠯᠠᠢ ᠶᠢᠨ | ᠬᠤᠶᠠᠷ ᠬᠥᠪᠡᠭᠡᠨ ᠤ ᠵᠠᠯᠠᠭᠤᠴᠤᠳ ᠤᠨ ᠦᠰᠦᠨ ᠪᠣᠶᠢᠵᠢᠬᠤ᠂ ᠴᠢᠳᠠᠪᠤᠷᠢᠲᠠᠨ ᠪᠤᠯᠬᠤ᠂ ᠠᠮᠵᠢᠯᠲᠠ ᠣᠯᠬᠤ ᠳᠤ ᠨᠡᠩ ᠰᠠᠶᠢᠨ | ᠨᠥᠬᠦᠴᠡᠯ᠂ ᠨᠡᠩ ᠤᠯᠠᠨ ᠠᠵᠠ ᠲᠣᠭᠢᠶᠠᠯ ᠢ ᠦᠷᠭᠦᠯᠵᠢᠯᠡᠨ ᠪᠦᠷᠢᠯᠳᠦᠭᠦᠯᠵᠦ ᠥᠭᠭᠦᠨ᠎ᠡ᠃ ᠲᠠᠶᠢᠸᠠᠨ ᠬᠤᠭᠤᠯᠠᠢ ᠶᠢᠨ | ᠬᠤᠶᠠᠷ ᠬᠥᠪᠡᠭᠡᠨ ᠤ ᠵᠠᠯᠠᠭᠤᠴᠤᠳ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠨ᠂ ᠬᠠᠷᠢᠯᠴᠠᠨ ᠲᠦᠰᠢᠭᠯᠡᠯᠴᠡᠵᠦ᠂ | ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠵᠤ᠂ ᠲᠡᠦᠬᠡ ᠶᠢᠨ ᠪᠤᠤᠬᠢᠶ᠎ᠠ ᠶᠢ ᠰᠠᠶᠢᠲᠤᠷ ᠭᠦᠶᠦᠵᠦ᠂ ᠦᠨᠳᠦᠰᠦᠲᠡᠨ ᠤ | ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ᠂ 4 ᠰᠠᠷ᠎ᠠ ᠶᠢᠨ 3 ᠤ ᠡᠳᠦᠷ᠂ ᠬᠤᠸᠠ ᠯᠢᠶᠠᠨ ᠰᠢᠶᠠᠨ ᠤ ᠲᠡᠯᠡᠶ ᠶᠢᠨ ᠣᠷᠣᠨ ᠳᠤ 7.3 | ᠲᠠᠰ ᠤᠨ ᠭᠠᠵᠠᠷ ᠬᠥᠳᠡᠯᠦᠯᠲᠡ ᠡᠭᠦᠰᠴᠦ᠂ ᠬᠥᠮᠥᠨ ᠬᠠᠷ᠎ᠠ ᠠᠳᠡᠵᠦ ᠰᠢᠷᠬᠠᠲᠤᠨ᠂ ᠡᠳ᠋ ᠬᠥᠷᠥᠩᠭᠡ ᠬᠤᠬᠢᠷᠠᠯ ᠳᠤ | ᠤᠴᠠᠷᠠᠭᠰᠠᠨ ᠳᠤ᠂ ᠪᠢ ᠠᠳᠡᠭᠰᠡᠨ ᠠᠬᠠᠨ ᠳᠡᠭᠦᠦᠰ ᠢ ᠡᠮᠭᠡᠨᠢᠨ ᠭᠠᠰᠢᠭᠤᠳᠠᠵᠤ ᠪᠠᠶᠢᠬᠤ ᠪᠥᠭᠡᠳ ᠭᠠᠮᠰᠢᠭᠳᠠᠭᠰᠠᠨ | ᠣᠷᠣᠨ ᠤ ᠣᠯᠠᠨ ᠲᠦᠮᠡᠨ ᠢ ᠲᠣᠬᠤᠨᠢᠭᠤᠯᠵᠤ ᠪᠠᠶᠢᠬᠤ ᠪᠠᠨ ᠢᠯᠡᠳᠬᠡᠵᠦ ᠪᠠᠶᠢᠨ᠎ᠠ ᠭᠡᠵᠦ ᠬᠡᠯᠡᠪᠡ᠃ ᠮᠠ ᠶᠢᠩ ᠵᠢᠦ᠂ | ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠨ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ | ᠡᠰᠡᠷᠭᠦᠴᠡᠬᠦ ᠪᠣᠯ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠶᠢ ᠨᠠᠶᠢᠷᠠᠮᠳᠠᠯ ᠢᠶᠠᠷ ᠬᠥᠭᠵᠢᠭᠦᠯᠬᠦ ᠶᠢᠨ | ᠬᠠᠮᠲᠤ ᠶᠢᠨ ᠤᠯᠤᠰ ᠲᠥᠷᠥ ᠶᠢᠨ ᠰᠠᠭᠤᠷᠢ ᠮᠥᠨ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠷᠠᠳ ᠲᠦᠮᠡᠨ ᠪᠣᠯ | ᠴᠥᠮ ᠳᠤᠮᠳᠠᠳᠤ ᠶᠢᠨ ᠦᠨᠳᠦᠰᠦᠲᠡᠨ ᠮᠥᠨ᠂ ᠴᠥᠮ ᠶᠠᠨᠳᠢ ᠬᠤᠸᠠᠩᠳᠢ ᠶᠢᠨ ᠦᠷ᠎ᠡ ᠬᠤᠶᠢᠴᠢᠰ ᠮᠥᠨ᠂ ᠰᠣᠯᠢᠯᠴᠠᠭ᠎ᠠ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠢ ᠬᠠᠮᠲᠤ ᠪᠠᠷ ᠤᠯᠠᠮᠵᠢᠯᠠᠨ ᠵᠠᠯᠭᠠᠮᠵᠢᠯᠠᠵᠤ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠪᠤᠶᠠᠨ ᠵᠢᠷᠭᠠᠯ ᠢ ᠨᠡᠮᠡᠭᠳᠡᠭᠦᠯᠦᠨ᠂ ᠭᠠᠷ ᠬᠤᠯᠪᠣᠯᠴᠠᠨ | ᠤᠷᠤᠭᠰᠢᠯᠠᠵᠤ᠂ ᠳᠤᠮᠳᠠᠳᠤ ᠤᠯᠤᠰ ᠢᠶᠠᠨ ᠬᠥᠭᠵᠢᠭᠦᠯᠦᠨ ᠮᠠᠨᠳᠤᠭᠤᠯᠬᠤ ᠪᠠᠷ ᠬᠦᠴᠦᠯᠡᠨ ᠴᠢᠷᠮᠠᠶᠢᠨ᠎ᠠ ᠭᠡᠵᠦ ᠬᠡᠯᠡᠪᠡ᠃ | ᠬᠤᠷᠠᠯ ᠳᠤ ᠣᠷᠣᠯᠴᠠᠬᠰᠠᠨ ᠲᠠᠶᠢᠸᠠᠨ ᠤ ᠵᠠᠯᠠᠭᠤᠴᠤᠳ ᠤᠨ ᠲᠥᠯᠥᠭᠡᠯᠡᠭᠴᠢ ᠦᠭᠡ ᠬᠡᠯᠡᠪᠡ᠃ ᠸᠠᠩ ᠬᠤ᠋ ᠨᠢᠩ᠂ | ᠼᠠᠢ ᠴᠢ ᠨᠠᠷ ᠠᠭᠤᠯᠵᠠᠯᠲᠠ ᠳᠤ ᠣᠷᠣᠯᠴᠠᠵᠠᠢ᠃ | |