︽ᠰᠢ ᠶᠢᠨ ᠫᠢᠩ ᠤᠨ ᠴᠢᠳᠠᠪᠤᠷᠢᠲᠠᠨ ᠤ ᠠᠵᠢᠯ ᠤᠨ ᠲᠤᠬᠠᠢ ᠥᠭᠦᠯᠡᠯᠲᠡ ᠶᠢᠨ ᠲᠡᠭᠦᠪᠦᠷᠢ︾ ᠶᠢ ᠬᠡᠪᠯᠡᠨ‌‍ᠲ᠋ᠠᠷᠬᠠᠭᠠᠪᠠ
ᠨᠡᠶᠢᠲᠡᠯᠡᠭᠰᠡᠨ ᠴᠠᠭ᠄
2024/4/22
        ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ  ᠤᠨ ᠨᠠᠶᠢᠷᠠᠭᠤᠯᠤᠭᠰᠠᠨ ︽ᠰᠢ ᠶᠢᠨ ᠫᠢᠩ ᠤᠨ ᠴᠢᠳᠠᠪᠤᠷᠢᠲᠠᠨ ᠤ ᠠᠵᠢᠯ ᠤᠨ ᠲᠤᠬᠠᠢ ᠥᠭᠦᠯᠡᠯᠲᠡ ᠶᠢᠨ ᠲᠡᠭᠦᠪᠦᠷᠢ︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠭᠦ ᠤᠯᠤᠰ ᠲᠤ ᠲᠠᠷᠬᠠᠭᠠᠪᠠ᠃     ᠴᠢᠳᠠᠪᠤᠷᠢᠲᠠᠨ ᠠᠬᠤᠢ ᠶᠢᠨ ᠤᠴᠢᠷ᠎ᠠ ᠭᠠᠪᠢᠶ᠎ᠠ ᠵᠢᠳᠬᠦᠯ ᠪᠦᠲᠦᠮᠦᠢ᠂ ᠴᠢᠳᠠᠪᠤᠷᠢᠲᠠᠨ ᠠᠬᠤᠢ ᠶᠢᠨ ᠬᠠᠷᠠᠭ᠎ᠠ ᠪᠠᠷ ᠠᠵᠢᠯ ᠦᠢᠯᠡᠰ ᠬᠥᠭᠵᠢᠮᠦᠢ᠃ ᠮᠣᠷᠠᠯ ᠴᠢᠳᠠᠪᠤᠷᠢ ᠬᠤᠣᠰᠯᠠᠭᠰᠠᠨ ᠥᠨᠳᠥᠷ ᠬᠡᠪ ᠪᠣᠯᠪᠠᠰᠤᠷᠠᠯ ᠪᠦᠬᠦᠢ ᠦᠯᠡᠮᠵᠢ ᠤᠯᠠᠨ ᠴᠢᠳᠠᠪᠤᠷᠢᠲᠠᠨ ᠢ ᠬᠥᠮᠥᠵᠢᠭᠦᠯᠦᠨ ᠪᠣᠶᠢᠵᠢᠭᠤᠯᠬᠤ ᠪᠣᠯ ᠤᠯᠤᠰ ᠣᠷᠣᠨ ᠪᠠ ᠦᠨᠳᠦᠰᠦᠲᠡᠨ ᠤ ᠠᠯᠤᠰ ᠭᠡᠳᠦ ᠶᠢᠨ ᠬᠥᠭᠵᠢᠯᠲᠡ ᠶᠢᠨ ᠶᠡᠭᠡ ᠪᠣᠳᠣᠯᠭ᠎ᠠ ᠮᠥᠨ᠃     ᠮᠠᠨ ᠤ ᠨᠠᠮ ᠴᠢᠳᠠᠪᠤᠷᠢᠲᠠᠨ ᠢ ᠬᠥᠮᠥᠵᠢᠭᠦᠯᠬᠦ᠂ ᠴᠢᠳᠠᠪᠤᠷᠢᠲᠠᠨ ᠲᠠᠢ ᠪᠦᠯᠬᠦᠮᠳᠡᠬᠦ᠂ ᠴᠢᠳᠠᠪᠤᠷᠢᠲᠠᠨ ᠢ ᠬᠥᠲᠥᠯᠥᠨ ᠳᠠᠭᠠᠭᠤᠯᠬᠤ᠂ ᠴᠢᠳᠠᠪᠤᠷᠢᠲᠠᠨ ᠤ ᠠᠮᠵᠢᠯᠲᠠ ᠣᠯᠬᠤ ᠶᠢ ᠳᠡᠮᠵᠢᠬᠦ ᠶᠢ ᠢᠮᠠᠭᠲᠠ ᠴᠢᠬᠤᠯᠠᠴᠢᠯᠠᠵᠤ᠂ ᠡᠯ᠎ᠡ ᠲᠠᠯ᠎ᠠ ᠵᠢᠨ‌‍ᠴᠢᠳᠠᠪᠤᠷᠢᠲᠠᠨ ᠲᠠᠢ ᠪᠦᠯᠬᠦᠮᠳᠡᠵᠦ ᠨᠠᠮ ᠪᠠ ᠠᠷᠠᠳ ᠲᠦᠮᠡᠨ ᠤ ᠦᠢᠯᠡᠰ ᠤᠨ ᠲᠥᠯᠥᠭᠡ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠶᠢ ᠨᠢ ᠳᠡᠮᠵᠢᠭᠰᠡᠭᠡᠷ ᠢᠷᠡᠭᠰᠡᠨ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠪᠤᠯᠬᠤ ᠶᠢ ᠪᠠᠷᠢᠮᠲᠠᠯᠠᠵᠤ᠂ ᠴᠢᠳᠠᠪᠤᠷᠢᠲᠠᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ᠂ ᠴᠢᠳᠠᠪᠤᠷᠢᠲᠠᠨ ᠢᠶᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠳᠤ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ᠃ ᠰᠢ ᠶᠢᠨ ᠫᠢᠩ ᠨᠥᠬᠦᠷ ᠤᠨ ᠴᠢᠳᠠᠪᠤᠷᠢᠲᠠᠨ ᠤ ᠠᠵᠢᠯ ᠤᠨ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠨᠢ ᠤᠳᠬ᠎ᠠ ᠰᠠᠨᠠᠭ᠎ᠠ ᠭᠦᠨ ᠭᠦᠨᠵᠡᠭᠡᠢ ᠠᠯᠤᠰ ᠭᠡᠳᠤ ᠶᠢᠨ ᠠᠴᠢ ᠬᠤᠯᠪᠣᠭᠳᠠᠯ ᠲᠠᠢ᠂ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ ᠭᠦᠨᠵᠡᠭᠡᠢ ᠪᠠᠶᠢᠵᠤ᠂ ᠶᠠᠭᠤᠨ ᠳᠤ ᠴᠢᠳᠠᠪᠤᠷᠢᠲᠠᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠶᠠᠭᠤ ᠶᠢ ᠴᠢᠳᠠᠪᠤᠷᠢᠲᠠᠨ ᠤ ᠬᠦᠴᠦᠷᠬᠡᠭ ᠤᠯᠤᠰ ᠭᠡᠬᠦ᠂ ᠴᠢᠳᠠᠪᠤᠷᠢᠲᠠᠨ ᠤ ᠬᠦᠴᠦᠷᠬᠡᠭ ᠤᠯᠤᠰ ᠢ ᠬᠡᠷᠬᠢᠨ ᠪᠦᠲᠦᠭᠡᠨ ᠪᠠᠶᠢᠭᠤᠯᠬᠤ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠰᠢᠨ᠎ᠡ ᠣᠶᠢᠯᠠᠭᠠᠭᠳᠠᠬᠤᠨ ᠰᠢᠨ᠎ᠡ ᠪᠠᠶᠢᠯᠳᠤᠬᠤ ᠪᠣᠳᠣᠯᠭ᠎ᠠ ᠰᠢᠨ᠎ᠡ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠳᠡᠯᠡᠬᠡᠢ ᠶᠢᠨ ᠴᠢᠬᠤᠯᠠ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ‌ᠥᠨᠳᠦᠷᠯᠢᠭ ᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠵᠢᠡᠨ‌‍ᠬᠦ᠋ᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠵᠤ᠂ ᠴᠢᠳᠠᠪᠤᠷᠢᠲᠠᠨ ᠤ ᠰᠠᠭᠤᠷᠢ ᠶᠢ ᠰᠠᠶᠢᠲᠤᠷ ᠲᠠᠯᠪᠢᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃     ︽ᠥᠭᠦᠯᠡᠯᠲᠡ ᠶᠢᠨ ᠲᠡᠭᠦᠪᠦᠷᠢ︾ ᠨᠢ 7 ᠲᠤᠰᠬᠠᠢ ᠰᠡᠳᠦᠪ ᠬᠤᠪᠢᠶᠠᠵᠤ᠂ ᠨᠡᠶᠢᠳᠡ 248 ᠬᠡᠰᠡᠭ ᠥᠭᠦᠯᠡᠯᠲᠡ ᠵᠢ‌ᠣᠷᠣᠭᠤᠯᠵᠤ᠂ ᠰᠢ ᠶᠢᠨ ᠫᠢᠩ ᠨᠥᠬᠦᠷ ᠤᠨ 2012 ᠣᠨ ᠤ 12 ᠰᠠᠷ᠎ᠠ ᠠᠴᠠ 2024 ᠣᠨ ᠤ 3 ᠰᠠᠷ᠎ᠠ ᠪᠤᠯᠲᠠᠯᠠᠭᠢ ᠬᠤᠭᠤᠴᠠᠭᠠᠨ ᠤ ᠢᠯᠡᠳᠬᠡᠯ᠂ ᠶᠠᠷᠢᠶ᠎ᠠ᠂ ᠵᠢᠭᠠᠪᠤᠷᠢ᠂ ᠴᠣᠬᠤᠯᠠᠪᠤᠷᠢ᠂ ᠪᠠᠶᠠᠷ ᠤᠨ ᠵᠠᠬᠢᠳᠠᠯ᠂ ᠬᠠᠷᠢᠭᠤ ᠵᠠᠬᠢᠳᠠᠯ ᠵᠡᠷᠭᠡ 110ᠭᠠᠷᠤᠢ ᠴᠢᠬᠤᠯᠠ ᠲᠤᠯᠭᠤᠷ ᠪᠢᠴᠢᠭ ᠠᠴᠠ ᠲᠡᠭᠦᠪᠦᠷᠢᠯᠡᠨ ᠣᠷᠣᠭᠤᠯᠪᠠ᠃ ᠡᠭᠦᠨ ᠳᠤ ᠬᠡᠰᠡᠭ ᠥᠭᠦᠯᠡᠯᠲᠡ ᠶᠢ ᠨᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃     ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠭᠢᠯᠭᠠᠨ ᠮᠡᠳᠡᠭᠡ︶       
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号