ᠭᠠᠵᠠᠷ ᠬᠥᠳᠡᠯᠦᠯᠲᠡ ᠶᠢ ᠰᠡᠷᠭᠡᠶᠢᠯᠡᠨ ᠠᠶᠤᠯ ᠠᠴᠠ ᠵᠠᠶᠢᠯᠠᠬᠤ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2024/4/8
    ● ᠭᠠᠵᠠᠷ ᠬᠥᠳᠡᠯᠦᠯᠲᠡ ᠠᠴᠠ ᠵᠠᠶᠢᠯᠠᠬᠤ ᠵᠠᠷᠴᠢᠮ ᠪᠣᠯ ᠭᠠᠵᠠᠷ ᠬᠥᠳᠡᠯᠬᠦ ᠦᠶᠡᠰ ᠣᠶᠢᠷ᠎ᠠ ᠬᠠᠪᠢ  ᠶᠢᠨ ᠭᠠᠵᠠᠷ ᠵᠠᠶᠢᠯᠠᠨ ᠣᠴᠢᠵᠤ᠂ ᠭᠠᠵᠠᠷ ᠬᠥᠳᠡᠯᠦᠭᠰᠡᠨ ᠤ ᠳᠠᠷᠠᠭ᠎ᠠ ᠳᠠᠷᠤᠢ ᠲᠦᠷᠭᠡᠨ ᠠᠮᠤᠷ ᠲᠦᠪᠰᠢᠨ ᠭᠠᠵᠠᠷ   ᠵᠠᠶᠢᠯᠠᠵᠤ ᠣᠴᠢᠬᠤ ᠬᠡᠷᠡᠭᠲᠡᠢ᠃    ●ᠬᠡᠷᠪᠡ ᠠᠩᠭᠢ ᠶᠢᠨ ᠭᠡᠷ ᠲᠤ ᠪᠠᠶᠢᠭᠰᠠᠨ ᠪᠣᠯ᠂ ᠪᠠᠭᠰᠢ ᠪᠣᠯᠤᠨ ᠬᠠᠮᠤᠭ ᠤᠨ ᠡᠮᠦᠨ᠎ᠡ ᠮᠦᠷᠡᠨ᠂ ᠠᠷᠤ ᠮᠥᠷ ᠤᠨ ᠰᠤᠷᠤᠭᠴᠢᠳ ᠠᠩᠭᠢ ᠶᠢᠨ ᠭᠡᠷ ᠤᠨ ᠡᠭᠦᠳᠡ ᠶᠢ ᠳᠠᠷᠤᠶ ᠲᠦᠷᠭᠡᠨ ᠨᠡᠭᠡᠭᠡᠬᠦ ᠬᠡᠷᠡᠭᠲᠡᠶ᠃ ᠪᠦᠭᠦᠳᠡᠭᠡᠷ  ᠢᠶᠠᠨ ᠬᠤᠷᠳᠤᠨ ᠪᠢᠴᠢᠭ ᠤᠨ ᠰᠢᠷᠡᠭᠡᠨ ᠤ ᠳᠣᠤᠷ᠎ᠠ ᠪᠤᠶᠤ ᠲᠠᠶᠢᠰᠠᠨ ᠤ ᠬᠠᠵᠠᠭᠤ ᠳᠤ ᠨᠢᠭᠤᠭᠳᠠᠬᠤ ᠬᠡᠷᠡᠭᠲᠡᠢ᠃    ● ᠬᠡᠷᠪᠡ ᠶᠣᠰᠣᠯᠠᠯ ᠤᠨ ᠲᠠᠩᠬᠢᠮ᠂ ᠬᠤᠭᠤᠯᠠᠨ ᠬᠡᠷ᠂ ᠪᠡᠶ᠎ᠡ ᠶᠢᠨ ᠲᠠᠮᠢᠷ ᠤᠨ ᠲᠠᠯᠠᠪᠤᠷ ᠲᠤ ᠪᠠᠶᠢᠭᠰᠠᠨ ᠪᠣᠯ ᠂ ᠲᠤᠯᠭᠠᠭᠤᠷᠢ ᠬᠡᠷᠡᠮ ᠤᠨ ᠪᠤᠯᠤᠩ ᠪᠤᠶᠤ ᠪᠠᠲᠤ ᠪᠠᠬᠢ ᠲᠥᠬᠦᠭᠡᠷᠦᠮᠵᠢ ᠶᠢᠨ ᠬᠠᠵᠠᠭᠤ ᠳᠤ ᠬᠦᠷᠴᠦ ᠳᠠᠯᠳᠠᠯᠠᠬᠤ ᠬᠡᠷᠡᠭᠲᠡᠶ᠃     ●ᠬᠡᠷᠪᠡ ᠪᠠᠶᠢᠷᠢ ᠳᠤ ᠪᠠᠶᠢᠭᠰᠠᠨ ᠪᠣᠯ ᠵᠢᠵᠢᠭ ᠲᠠᠰᠤᠯᠭ᠎ᠠ ᠳᠣᠲᠣᠷ᠎ᠠ ᠳᠠᠯᠳᠠᠯᠠᠵᠤ᠂ ᠲᠤᠯᠭᠠᠭᠤᠷᠢ ᠬᠡᠷᠡᠮ ᠤᠨ ᠥᠨᠴᠥᠭ ᠪᠤᠶᠤ ᠣᠷᠣ ᠶᠢᠨ ᠬᠠᠵᠠᠭᠤ ᠳᠤ ᠳᠠᠯᠳᠠᠯᠠᠬᠤ ᠬᠡᠷᠡᠭᠲᠡᠢ᠃     ● ᠭᠡᠷ ᠤᠨ ᠭᠠᠳᠠᠨ᠎ᠠ ᠪᠠᠶᠢᠭᠰᠠᠨ ᠪᠣᠯ ᠳᠠᠷᠤᠶᠢᠬᠠᠨ ᠣᠴᠣᠶᠢᠬᠤ ᠪᠤᠶᠤ ᠬᠡᠪᠲᠡᠵᠦ ᠬᠦᠨᠳᠦ ᠶᠢᠨ ᠲᠥᠪ ᠢᠶᠠᠨ ᠳᠣᠷᠣᠭᠰᠢᠯᠠᠭᠤᠯᠤᠨ᠂ ᠲᠣᠯᠣᠭᠠᠢ ᠶᠢᠨ ᠬᠡᠰᠡᠭ ᠢᠶᠠᠨ ᠬᠠᠮᠠᠭᠠᠯᠠᠵᠤ ᠪᠣᠯᠤᠨ᠎ᠠ᠃ ᠠᠮᠠᠷᠬᠠᠨ ᠨᠤᠷᠠᠬᠤ ᠥᠨᠳᠥᠷ ᠪᠠᠷᠢᠯᠭ᠎ᠠ ᠠᠴᠠ ᠵᠠᠶᠢᠯᠠᠬᠤ ᠬᠡᠷᠡᠭᠲᠡᠢ᠃ ᠶᠠᠭᠠᠬᠢᠭᠰᠠᠨ ᠴᠤ ᠨᠤᠷᠠᠭᠰᠠᠨ ᠦᠭᠡᠢ ᠪᠠᠷᠢᠯᠭ᠎ᠠ ᠳᠤ ᠪᠤᠴᠠᠵᠤ ᠣᠴᠢᠵᠤ ᠳᠠᠯᠳᠠᠯᠠᠵᠤ ᠪᠣᠯᠬᠤ ᠦᠭᠡᠢ᠂ ᠤᠴᠢᠷ ᠨᠢ ᠴᠡᠴᠡᠷᠬᠢᠯᠡᠯᠲᠡ ᠴᠠᠭ ᠢᠮᠠᠭᠲᠠ ᠡᠭᠦᠰᠬᠦ ᠪᠣᠯᠤᠯᠴᠠᠭ᠎ᠠ ᠲᠠᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号