| ᠰᠢᠨᠬᠤᠸᠠ ᠬᠤᠷᠢᠶ᠎ᠠ ᠶᠢᠨ ᠪᠦᠳᠠᠫᠧᠰᠲ ᠤᠨ 5 ᠰᠠᠷ᠎ᠠ ᠶᠢᠨ 9 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ | ᠤᠨ ᠴᠠᠭ ᠢᠶᠠᠷ 5 ᠰᠠᠷ᠎ᠠ ᠶᠢᠨ 8 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠩᠭᠠᠷᠢ ᠶᠢᠨ | ᠶᠡᠷᠦᠩᠬᠡᠶᠢᠯᠡᠭᠴᠢ ᠱᠦᠶᠦ᠋ᠺ ᠪᠣᠯᠣᠨ ᠶᠡᠷᠦᠩᠬᠡᠢ ᠰᠠᠶᠢᠳ ᠡᠸᠦ᠋ᠷᠪᠠᠨ ᠤ ᠤᠷᠢᠯᠭ᠎ᠠ ᠪᠠᠷ ᠬᠠᠩᠭᠠᠷᠢ ᠳᠤ ᠲᠦᠷᠦ ᠶᠢᠨ | ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠰᠬᠠᠢ ᠨᠢᠰᠬᠡᠯ ᠢᠶᠠᠷ ᠪᠦᠳᠠᠫᠧᠰᠲ ᠲᠤ ᠭᠦᠷᠪᠡ᠃ | ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠬᠠᠩᠭᠠᠷᠢ ᠶᠢᠨ ᠬᠠᠷᠢᠶ᠎ᠠ ᠠᠭᠠᠷ ᠲᠤ ᠣᠷᠣᠭᠰᠠᠨ ᠤ ᠳᠠᠷᠠᠭ᠎ᠠ᠂ | ᠬᠠᠩᠭᠠᠷᠢ ᠶᠢᠨ ᠠᠭᠠᠷ ᠤᠨ ᠴᠡᠷᠢᠭ ᠤᠨ ᠬᠤᠶᠠᠷ ᠪᠠᠶᠢᠯᠳᠤᠭᠠᠨ ᠤ ᠨᠢᠰᠬᠡᠯ ᠠᠶᠠᠯᠠᠯ ᠬᠠᠮᠠᠭᠠᠯᠠᠪᠠ᠃ | ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠪᠦᠳᠠᠫᠧᠰᠲ ᠤᠨ ᠤᠯᠠᠨ ᠤᠯᠤᠰ ᠤᠨ ᠨᠢᠰᠬᠡᠯ ᠤᠨ | ᠪᠠᠭᠤᠳᠠᠯ ᠳᠤ ᠬᠦᠷᠬᠦ ᠳᠤ᠂ ᠬᠠᠩᠭᠠᠷᠢ ᠶᠢᠨ ᠶᠡᠷᠦᠩᠬᠡᠢ ᠰᠠᠶᠢᠳ ᠡᠸᠦ᠋ᠷᠪᠠᠨ ᠬᠠᠳᠤᠨ ᠲᠠᠢ ᠪᠠᠨ᠂ ᠭᠠᠳᠠᠭᠠᠳᠤ ᠶᠠᠪᠤᠳᠠᠯ | ᠤᠨ ᠶᠠᠮᠤᠨ ᠤ ᠰᠠᠶᠢᠳ ᠰᠢᠶᠠᠯᠳᠤ᠋ ᠵᠡᠷᠭᠡ ᠵᠠᠰᠠᠭ ᠤᠨ ᠣᠷᠳᠣᠨ ᠤ ᠳᠡᠭᠡᠳᠦ ᠵᠡᠷᠭᠡ ᠶᠢᠨ ᠠᠯᠪᠠᠨ ᠲᠤᠰᠢᠶᠠᠯᠲᠠᠨ | ᠬᠠᠯᠠᠭᠤᠨ ᠢᠶᠠᠷ ᠤᠭᠲᠤᠪᠠ᠃ ᠬᠤᠶᠠᠷ ᠤᠯᠤᠰ ᠤᠨ ᠤᠳᠤᠷᠢᠳᠬᠤ ᠬᠥᠮᠥᠨ ᠬᠠᠳᠤᠨ ᠢᠶᠠᠨ ᠳᠠᠭᠠᠭᠤᠯᠤᠨ ᠬᠠᠷᠢᠯᠴᠠᠨ | ᠳᠣᠲᠣᠨᠣ ᠪᠠᠷ ᠭᠠᠷ ᠠᠳᠬᠤᠨ ᠮᠡᠨᠳᠦᠴᠢᠯᠡᠵᠦ᠂ ᠶᠡᠷᠦᠩᠬᠡᠢ ᠰᠠᠶᠢᠳ ᠡᠸᠦ᠋ᠷᠪᠠᠨ ᠫᠧᠩ ᠯᠢ ᠶᠤᠸᠠᠨ ᠫᠷᠤᠹᠧᠰᠰᠤᠷ ᠲᠤ | ᠰᠣᠷᠭᠤᠭ ᠴᠡᠴᠡᠭ ᠬᠦᠷᠭᠡᠪᠡ᠃ ᠶᠣᠰᠣᠯᠠᠯ ᠤᠨ ᠴᠡᠷᠢᠭ ᠤᠯᠠᠭᠠᠨ ᠬᠡᠪᠢᠰ ᠤᠨ ᠬᠤᠶᠠᠷ ᠬᠠᠵᠠᠭᠤ ᠪᠠᠷ ᠮᠥᠷᠯᠡᠨ | ᠶᠣᠰᠣᠯᠠᠪᠠ᠃ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠭᠤᠶᠣᠯᠠᠭᠰᠠᠨ ᠬᠠᠩᠭᠠᠷᠢ ᠶᠢᠨ ᠬᠤᠶᠠᠷ ᠬᠡᠦᠬᠡᠳ | ᠲᠡᠷᠢᠭᠦᠯᠡᠭᠴᠢ ᠰᠢ ᠶᠢᠨ ᠫᠢᠩ ᠪᠣᠯᠣᠨ ᠫᠧᠩ ᠯᠢ ᠶᠤᠸᠠᠨ ᠳᠤ ᠲᠠᠯᠬ᠎ᠠ ᠪᠣᠯᠣᠨ ᠳᠠᠪᠤᠰᠤ ᠬᠦᠷᠭᠡᠵᠦ᠂ ᠤᠯᠠᠮᠵᠢᠯᠠᠯᠲᠤ | ᠶᠣᠰᠣᠯᠠᠯ ᠢᠶᠠᠷ ᠬᠠᠮᠤᠭ ᠤᠨ ᠡᠷᠬᠢᠮ ᠬᠦᠨᠳᠦᠲᠦ ᠵᠣᠴᠢᠨ ᠢᠶᠠᠨ ᠤᠭᠲᠤᠪᠠ᠃ ᠬᠠᠩᠭᠠᠷᠢ ᠬᠢᠲᠠᠳ ᠬᠤᠣᠰ ᠬᠡᠯᠡᠨ ᠤ | ᠰᠤᠷᠭᠠᠭᠤᠯᠢ ᠶᠢᠨ ᠰᠤᠷᠤᠬᠴᠢᠳ ᠰᠢ ᠶᠢᠨ ᠫᠢᠩ ᠪᠣᠯᠣᠨ ᠲᠡᠭᠦᠨ ᠤ ᠬᠠᠳᠤᠨ ᠳᠤ ᠴᠡᠴᠡᠭ ᠬᠦᠷᠭᠡᠭᠰᠡᠨ ᠪᠥᠭᠡᠳ | ᠬᠢᠲᠠᠳ ᠭᠡᠯᠡ ᠪᠠᠷ᠄ ︽ᠲᠠᠨ ᠤ ᠬᠠᠩᠭᠠᠷᠢ ᠳᠤ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ︾ ᠭᠡᠵᠦ ᠬᠡᠯᠡᠪᠡ᠃ | ᠪᠠᠭᠠᠴᠤᠳ ᠬᠡᠦᠬᠡᠳ ᠦᠨᠳᠦᠰᠦᠲᠡᠨ ᠤ ᠤᠯᠠᠮᠵᠢᠯᠠᠯᠲᠤ ᠪᠠᠶᠠᠷ ᠪᠠᠶᠠᠰᠬᠤᠯᠠᠩᠲᠤ ᠪᠥᠵᠢᠭ ᠴᠠᠷᠳᠠᠰᠢ ᠪᠥᠵᠢᠭ ᠢ ᠪᠥᠵᠢᠭᠯᠡᠵᠦ᠂ | ᠰᠢ ᠶᠢᠨ ᠫᠢᠩ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ ᠪᠢᠴᠢᠭ ᠤᠨ ᠭᠡᠯᠪᠡᠷᠢ ᠪᠠᠷ ᠶᠠᠷᠢᠶ᠎ᠠ ᠲᠠᠯᠪᠢᠪᠠ᠃ ᠰᠢ ᠶᠢᠨ ᠫᠢᠩ᠂ ᠶᠡᠷᠦᠩᠬᠡᠶᠢᠯᠡᠭᠴᠢ ᠱᠦᠶᠦ᠋ᠺ | ᠪᠣᠯᠣᠨ ᠶᠡᠷᠦᠩᠬᠡᠢ ᠰᠠᠶᠢᠳ ᠡᠸᠦ᠋ᠷᠪᠠᠨ ᠤ ᠬᠠᠯᠠᠭᠤᠨ ᠤᠷᠢᠯᠭ᠎ᠠ ᠪᠠᠷ ᠦᠵᠡᠰᠬᠦᠯᠡᠩᠲᠦ ᠰᠠᠶᠢᠬᠠᠨ ᠬᠠᠩᠭᠠᠷᠢ ᠳᠤ ᠲᠦᠷᠦ | ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃ ᠳᠤᠮᠳᠠᠳᠤ ᠬᠠᠩᠭᠠᠷᠢ ᠬᠤᠶᠠᠷ ᠤᠯᠤᠰ | ᠪᠤ ᠬᠠᠷᠢᠯᠴᠠᠨ ᠢᠲᠡᠭᠡᠭᠰᠡᠨ ᠰᠠᠶᠢᠨ ᠨᠠᠶᠢᠵᠠ᠂ ᠰᠠᠶᠢᠨ ᠬᠠᠨᠢᠲᠠᠨ ᠶᠤᠮ᠃ ᠣᠶᠢᠷ᠎ᠠ ᠶᠢᠨ ᠵᠢᠯ ᠳᠤ᠂ ᠬᠤᠶᠠᠷ ᠲᠠᠯ᠎ᠠ ᠶᠢᠨ | ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠨᠢᠭᠲᠠᠷᠠᠵᠤ᠂ ᠬᠠᠷᠢᠯᠴᠠᠨ ᠢᠲᠡᠭᠡᠬᠦ ᠲᠦᠪᠰᠢᠨ ᠲᠠᠰᠤᠷᠠᠯᠳᠠ ᠦᠭᠡᠢ ᠳᠡᠭᠡᠭᠰᠢᠯᠡᠵᠦ᠂ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠦᠷ᠎ᠡ ᠪᠦᠲᠦᠭᠡᠯ ᠡᠯᠪᠡᠭ | ᠪᠠᠶᠠᠯᠢᠭ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠶᠠᠯᠢᠭ ᠰᠠᠶᠢᠬᠠᠨ ᠪᠣᠯᠵᠤ᠂ ᠳᠡᠯᠡᠬᠡᠢ ᠶᠢᠨ ᠪᠠ ᠭᠠᠵᠠᠷ ᠣᠷᠣᠨ ᠤ | ᠬᠡᠷᠡᠭ ᠶᠠᠪᠤᠳᠠᠯ ᠳᠤᠮᠳᠠ ᠨᠢᠭᠲᠠ ᠵᠣᠬᠢᠴᠠᠯᠳᠤᠨ ᠬᠠᠮᠵᠢᠯᠴᠠᠵᠤ᠂ ᠬᠠᠷᠢᠯᠴᠠᠨ ᠬᠦᠨᠳᠦᠳᠬᠡᠬᠦ᠂ ᠲᠥᠪ ᠭᠤᠣᠯᠴᠢ ᠰᠢᠳᠤᠷᠭᠤ | ᠶᠣᠰᠣ ᠶᠢ ᠡᠷᠭᠢᠮᠯᠡᠭᠦ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠰᠢᠨ᠎ᠡ ᠭᠡᠯᠪᠡᠷᠢ ᠶᠢᠨ ᠤᠯᠠᠨ ᠤᠯᠤᠰ ᠤᠨ | ᠬᠠᠷᠢᠯᠴᠠᠭ᠎ᠠ ᠳᠤ ᠦᠯᠢᠭᠡᠷ ᠳᠠᠭᠤᠷᠢᠶᠠᠯ ᠦᠵᠡᠭᠦᠯᠪᠡ᠃ ᠡᠨᠡ ᠵᠢᠯ ᠪᠣᠯ ᠳᠤᠮᠳᠠᠳᠤ ᠬᠠᠩᠭᠠᠷᠢ ᠶᠢᠨ ᠬᠠᠷᠢᠯᠴᠠᠭ᠎ᠠ | ᠪᠠᠶᠢᠭᠤᠯᠤᠭᠰᠠᠨ 75 ᠵᠢᠯ ᠤᠨ ᠤᠢ ᠮᠥᠨ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠴᠢᠬᠤᠯᠠ ᠠᠵᠠ | ᠲᠣᠭᠢᠶᠠᠯ ᠢ ᠤᠭᠲᠤᠨ ᠠᠪᠴᠢᠷᠠᠪᠠ᠃ ᠪᠢ ᠶᠡᠷᠦᠩᠬᠡᠶᠢᠯᠡᠭᠴᠢ ᠱᠦᠶᠦ᠋ᠺ᠂ ᠶᠡᠷᠦᠩᠬᠡᠢ ᠰᠠᠶᠢᠳ ᠡᠸᠦ᠋ᠷᠪᠠᠨ ᠵᠡᠷᠭᠡ | ᠬᠠᠩᠭᠠᠷᠢ ᠶᠢᠨ ᠤᠳᠤᠷᠢᠳᠬᠤ ᠬᠥᠮᠥᠰ ᠲᠠᠢ ᠠᠭᠤᠯᠵᠠᠯᠲᠠ ᠬᠢᠵᠦ᠂ ᠬᠤᠶᠠᠷ ᠤᠯᠤᠰ ᠤᠨ ᠬᠠᠮᠲᠤᠷᠠᠯᠴᠠᠭ᠎ᠠ ᠬᠥᠭᠵᠢᠯᠲᠡ | ᠶᠢᠨ ᠰᠢᠨ᠎ᠡ ᠵᠢᠷᠤᠭ ᠲᠥᠰᠥᠪ ᠢ ᠬᠠᠮᠲᠤ ᠪᠠᠷ ᠲᠥᠯᠥᠪᠵᠢᠭᠦᠯᠵᠦ᠂ ᠳᠤᠮᠳᠠᠳᠤ ᠬᠠᠩᠭᠠᠷᠢ ᠶᠢᠨ ᠬᠠᠷᠢᠯᠴᠠᠭ᠎ᠠ ᠶᠢ ᠨᠡᠩ | ᠥᠨᠳᠥᠷ ᠲᠦᠪᠰᠢᠨ ᠲᠡᠶᠢᠰᠢ ᠬᠥᠲᠥᠯᠥᠨ ᠳᠠᠭᠠᠭᠤᠯᠬᠤ ᠶᠢ ᠬᠦᠰᠡᠵᠦ ᠪᠠᠶᠢᠨ᠎ᠠ᠃ ᠳᠡᠯᠡᠬᠡᠢ ᠶᠢᠨ ᠪᠠᠶᠢᠳᠠᠯ ᠶᠠᠭᠠᠬᠢᠵᠤ | ᠬᠤᠪᠢᠷᠠᠭᠰᠠᠨ ᠴᠤ᠂ ᠳᠤᠮᠳᠠᠳᠤ ᠬᠠᠩᠭᠠᠷᠢ ᠬᠤᠶᠠᠷ ᠤᠯᠤᠰ ᠯᠠᠪᠲᠠᠢ ᠥᠷᠭᠡᠨ ᠬᠠᠷᠠᠭᠠᠰᠤ᠂ ᠠᠯᠤᠰ ᠭᠡᠳᠦ ᠶᠢᠨ ᠬᠠᠷᠠᠴᠠ | ᠪᠠᠷ ᠬᠤᠶᠠᠷ ᠲᠠᠯ᠎ᠠ ᠶᠢᠨ ᠬᠠᠷᠢᠯᠴᠠᠭ᠎ᠠ ᠳᠤ ᠬᠠᠨᠳᠤᠵᠤ ᠲᠡᠭᠦᠨ ᠢ ᠡᠵᠡᠮᠳᠡᠨ᠂ ᠣᠮᠤᠭ ᠪᠠᠳᠠᠷᠠᠩᠭᠤᠢ ᠪᠠᠷ ᠡᠷᠡᠮᠡᠬᠡᠶᠢᠯᠡᠨ | ᠤᠷᠤᠭᠰᠢᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠵᠤ᠂ | ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠪᠣᠯᠣᠨ ᠬᠥᠭᠵᠢᠯ ᠴᠡᠴᠡᠭᠯᠡᠯ ᠢ ᠠᠬᠢᠭᠤᠯᠬᠤ ᠳᠤ ᠦᠵᠡᠭᠦᠯᠪᠡᠰᠦ | ᠵᠣᠬᠢᠬᠤ ᠬᠤᠪᠢ ᠨᠡᠮᠡᠷᠢ ᠪᠠᠨ ᠦᠵᠡᠭᠦᠯᠭᠦ ᠶᠢ ᠪᠢ ᠢᠲᠡᠭᠡᠵᠦ ᠪᠠᠶᠢᠨ᠎ᠠ᠃ ᠬᠤᠶᠠᠷ ᠲᠠᠯ᠎ᠠ ᠶᠢᠨ ᠬᠠᠮᠲᠤ ᠶᠢᠨ | ᠴᠢᠷᠮᠠᠶᠢᠯᠭ᠎ᠠ ᠪᠠᠷ᠂ ᠲᠤᠰ ᠤᠳᠠᠭ᠎ᠠ ᠶᠢᠨ ᠠᠶᠢᠯᠴᠢᠯᠠᠯᠲᠠ ᠯᠠᠪᠲᠠᠢ ᠲᠡᠭᠦᠰ ᠠᠮᠵᠢᠯᠲᠠ ᠣᠯᠵᠤ᠂ ᠳᠤᠮᠳᠠᠳᠤ ᠬᠠᠩᠭᠠᠷᠢ ᠶᠢᠨ | ᠬᠠᠷᠢᠯᠴᠠᠭ᠎ᠠ ᠨᠡᠩ ᠰᠠᠶᠢᠨ ᠰᠠᠶᠢᠬᠠᠨ ᠢᠷᠡᠭᠡᠳᠦᠢ ᠪᠠᠨ ᠤᠭᠲᠤᠬᠤ ᠶᠢ ᠠᠬᠢᠭᠤᠯᠬᠤ ᠶᠢ ᠢᠲᠡᠭᠡᠵᠦ ᠪᠠᠶᠢᠨ᠎ᠠ ᠭᠡᠵᠦ ᠵᠢᠭᠠᠵᠤ | ᠭᠠᠷᠭᠠᠪᠠ᠃ | ᠲᠡᠷᠢᠭᠦᠯᠡᠭᠴᠢ ᠰᠢ ᠶᠢᠨ ᠫᠢᠩ ᠤᠨ ᠬᠠᠳᠤᠨ ᠫᠧᠩ ᠯᠢ ᠶᠤᠸᠠᠨ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ | ᠶᠢᠨ ᠲᠣᠪᠴᠢᠶ᠎ᠠ ᠶᠢᠨ ᠪᠠᠶᠢᠩᠭᠤ ᠶ᠋᠊ ᠵᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ | ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ | ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠭᠦᠷᠪᠡ᠃ | ᠬᠠᠩᠭᠠᠷᠢ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠭᠦᠩ ᠲᠤᠤ ᠪᠠᠰᠠ ᠨᠢᠰᠬᠡᠯ ᠤᠨ ᠪᠠᠭᠤᠳᠠᠯ ᠳᠤ | ᠬᠦᠷᠴᠦ ᠤᠭᠲᠤᠵᠠᠢ᠃ | ᠰᠢ ᠶᠢᠨ ᠫᠢᠩ ᠮᠠᠰᠢᠨ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠵᠣᠴᠢᠳ ᠤᠨ ᠪᠠᠭᠤᠳᠠᠯ ᠳᠤ | ᠬᠦᠷᠬᠦ ᠵᠠᠮ ᠵᠠᠭᠤᠷ᠎ᠠ᠂ ᠲᠤᠬᠠᠢ ᠶᠢᠨ ᠭᠠᠵᠠᠷ ᠤᠨ ᠬᠡᠳᠦᠨ ᠵᠠᠭᠤᠨ ᠳᠤᠮᠳᠠᠳᠤ ᠶᠢᠨ ᠬᠠᠷᠢᠶᠠᠲᠤ ᠪᠣᠯᠣᠨ ᠳᠤᠮᠳᠠᠳᠤ | ᠤᠯᠤᠰ ᠤᠨ ᠰᠤᠷᠤᠬᠴᠢᠳ ᠵᠠᠮ ᠤᠨ ᠬᠤᠶᠠᠷ ᠲᠠᠯ᠎ᠠ ᠪᠠᠷ ᠴᠤᠭᠯᠠᠷᠠᠵᠤ᠂ ᠳᠤᠮᠳᠠᠳᠤ ᠬᠠᠩᠭᠠᠷᠢ ᠬᠤᠶᠠᠷ ᠤᠯᠤᠰ ᠤᠨ | ᠤᠯᠤᠰ ᠤᠨ ᠲᠤᠭ ᠢ ᠬᠤᠷᠦ᠋ᠢᠯᠠᠵᠤ᠂ ︽ᠳᠤᠮᠳᠠᠳᠤ ᠬᠠᠩᠭᠠᠷᠢ ᠶᠢᠨ ᠨᠥᠬᠦᠷᠯᠡᠯ ᠥᠨᠢ ᠮᠥᠩᠬᠡ︾᠂ ︽ᠲᠡᠷᠢᠭᠦᠯᠡᠭᠴᠢ | ᠰᠢ ᠶᠢᠨ ᠫᠢᠩ ᠤᠨ ᠬᠠᠩᠭᠠᠷᠢ ᠳᠤ ᠠᠶᠢᠯᠴᠢᠯᠠᠬᠰᠠᠨ ᠢ ᠪᠠᠶᠠᠷᠯᠠᠨ ᠤᠭᠲᠤᠶ᠎ᠠ︾ ᠵᠡᠷᠭᠡ ᠬᠥᠨᠳᠡᠯᠡᠨ ᠪᠢᠴᠢᠭᠡᠰᠦ ᠶᠢ | ᠡᠷᠭᠦᠵᠦ᠂ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃ | ᠢ ᠬᠠᠯᠠᠭᠤᠨ ᠢᠶᠠᠷ ᠤᠭᠲᠤᠪᠠ᠃ | | |