| | ᠬᠢᠨᠠᠨ ᠵᠥᠪᠰᠢᠶᠡᠷᠡᠬᠦ ᠳᠡᠰ ᠳᠠᠷᠠᠭᠠᠯᠠᠯ᠄ ᠬᠠᠷᠢᠶᠠᠯᠠᠭᠳᠠᠬᠤ ᠬᠠᠷᠢᠴᠠᠭ᠎ᠠ ᠪᠤᠶᠤ ᠬᠠᠷᠢᠶ᠎ᠠ ᠣᠷᠣᠨ ᠤ | ᠬᠠᠮᠢᠶᠠᠷᠤᠯᠲᠠ ᠶᠢᠨ ᠬᠠᠷᠢᠴᠠᠭ᠎ᠠ ᠪᠠᠷ ᠳᠡᠭᠡᠭᠰᠢ ᠮᠡᠳᠡᠭᠦᠯᠦᠨ᠎ᠡ | ︵ᠨᠢᠭᠡ︶ ᠬᠦᠯᠢᠶᠡᠨ ᠠᠪᠴᠤ ᠰᠢᠢᠳᠪᠦᠷᠢᠯᠡᠬᠦ᠄ | 1.ᠨᠦᠭᠦᠴᠡᠯ᠄ ︵1︶ ᠣᠭᠲᠣᠯᠬᠤ ᠪᠠᠷ ᠭᠤᠶᠤᠴᠢᠯᠠᠬᠰᠠᠨ ᠣᠢ ᠮᠣᠳᠣᠨ ᠤ ᠥᠮᠴᠢᠯᠡᠬᠦ ᠡᠷᠬᠡ ᠶᠢᠨ | ᠦᠨᠡᠮᠯᠡᠯ ᠪᠤᠶᠤ ᠬᠡᠷᠡᠭᠯᠡᠬᠦ ᠡᠷᠬᠡ ᠶᠢᠨ ᠦᠨᠡᠮᠯᠡᠯ | ︵2︶ ᠤᠯᠤᠰ ᠤᠨ ᠥᠮᠴᠢᠯᠡᠯᠲᠦ ᠣᠢ ᠰᠢᠭᠤᠢ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯ | ᠮᠣᠳᠣ ᠣᠭᠲᠣᠯᠬᠤ ᠭᠠᠵᠠᠷ ᠤᠨ ᠪᠠᠶᠢᠴᠠᠭᠠᠵᠦ ᠵᠢᠷᠤᠭᠯᠠᠨ ᠲᠦᠯᠥᠪᠯᠡᠭᠰᠡᠨ ᠪᠢᠴᠢᠭ ᠮᠠᠲ᠋ᠧᠷᠢᠶᠠᠯ ᠪᠣᠯᠣᠨ ᠳᠡᠭᠡᠷ᠎ᠡ | ᠣᠨ ᠤ ᠣᠭᠲᠣᠯᠤᠭᠠᠳ ᠲᠠᠬᠢᠵᠤ ᠤᠷᠭᠤᠬᠰᠠᠨ ᠢ ᠰᠢᠯᠭᠠᠨ ᠠᠪᠤᠭᠰᠠᠨ ᠭᠡᠷᠡᠴᠢ ᠪᠠᠨ ᠲᠤᠰᠢᠶᠠᠨ᠎ᠠ | ︵3︶ ᠪᠤᠰᠤᠳᠨᠢᠭᠡᠴᠡ ᠪᠣᠯ ᠣᠢ ᠮᠣᠳᠣ ᠣᠭᠲᠣᠯᠬᠤ ᠵᠣᠷᠢᠯᠭ᠎ᠠ᠂ ᠭᠠᠵᠠᠷ ᠣᠷᠣᠨ᠂ ᠣᠢ ᠶᠢᠨ ᠲᠥᠷᠥᠯ᠂ | ᠣᠢ ᠶᠢᠨ ᠪᠠᠶᠢᠳᠠᠯ᠂ ᠲᠠᠯᠠᠪᠠᠢ᠂ ᠬᠠᠳᠠᠭᠠᠯᠠᠭᠳᠠᠴᠠ᠂ ᠠᠷᠭ᠎ᠠ ᠮᠠᠶ᠋ᠢᠭ ᠪᠠ ᠳᠠᠬᠢᠵᠤ ᠤᠷᠭᠤᠭᠤᠯᠬᠤ ᠠᠷᠭ᠎ᠠ ᠬᠡᠮᠵᠢᠶ᠎ᠡ | ᠵᠡᠷᠭᠡ ᠠᠭᠤᠯᠭ᠎ᠠ ᠶᠢ ᠪᠠᠭᠲᠠᠭᠠᠭᠰᠠᠨ ᠪᠢᠴᠢᠭ ᠮᠠᠲ᠋ᠧᠷᠢᠶᠠᠯ ᠢ ᠲᠤᠰᠢᠶᠠᠨ᠎ᠠ | 2. ᠪᠠᠷᠢᠮᠵᠢᠶ᠎ᠠ᠄ ᠭᠤᠶᠤᠴᠢᠯᠠᠭᠴᠢ ᠶᠢᠨ ᠲᠤᠰᠢᠶᠠᠬᠤ ᠭᠤᠶᠤᠴᠢᠯᠠᠨ ᠬᠢᠬᠦ ᠮᠠᠲ᠋ᠧᠷᠢᠶᠠᠯ ᠨᠢ ᠪᠦᠷᠢᠨ ᠭᠦᠢᠴᠡᠳ᠂ | ᠵᠢᠷᠤᠮᠵᠢᠯ ᠲᠠᠢ᠂ ᠬᠦᠴᠦᠨ ᠲᠡᠭᠦᠯᠳᠡᠷ ᠪᠠᠶᠢᠬᠤ ᠬᠡᠷᠡᠭᠲᠡᠢ | 3. ᠲᠤᠰ ᠠᠵᠢᠯ ᠤᠨ ᠪᠠᠶᠢᠷᠢ ᠶᠢᠨ ᠬᠠᠷᠢᠭᠤᠴᠠᠯᠭᠠᠲᠤ ᠬᠥᠮᠥᠨ᠄ ᠠᠶᠢᠮᠠᠭ ᠬᠤᠲᠠ ᠶᠢᠨ ᠣᠢ ᠰᠢᠭᠤᠢ ᠶᠢᠨ | ᠲᠣᠪᠴᠢᠶ᠎ᠠ ᠶᠢᠨ ᠡᠬᠢ ᠪᠠᠶᠠᠯᠢᠭ ᠣᠢ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯᠲᠠᠨ | 4. ᠠᠵᠢᠯ ᠤᠨ ᠪᠠᠶᠢᠷᠢ ᠶᠢᠨ ᠡᠭᠦᠷᠭᠡ ᠬᠠᠷᠢᠴᠠᠭᠤᠯᠭ᠎ᠠ ᠬᠢᠭᠡᠳ ᠡᠷᠬᠡ ᠮᠡᠳᠡᠯ᠄ ᠣᠢ ᠮᠣᠳᠣ ᠣᠭᠲᠣᠯᠬᠤ | ᠵᠥᠪᠰᠢᠶᠡᠷᠡᠯ ᠤᠨ ᠦᠨᠡᠮᠯᠡᠯ ᠭᠤᠶᠤᠴᠢᠯᠠᠭᠰᠠᠨ ᠨᠢᠭᠡᠴᠡ ᠶᠢᠨ ᠬᠤᠯᠪᠣᠭᠳᠠᠯ ᠪᠦᠬᠦᠢ ᠭᠡᠷᠡᠴᠢᠯᠡᠬᠦ ᠪᠢᠴᠢᠭ | ᠮᠠᠲ᠋ᠧᠷᠢᠶᠠᠯ ᠢ ᠬᠠᠤᠯᠢ ᠶᠣᠰᠤᠭᠠᠷ ᠴᠢᠩᠭ᠎ᠠ ᠬᠢᠨᠠᠵᠦ᠂ ᠶᠡᠭᠡ ᠬᠡᠮᠵᠢᠶᠡᠨ ᠤ ᠣᠢ ᠮᠣᠳᠣ ᠣᠭᠲᠣᠯᠬᠤ ᠶᠠᠪᠤᠳᠠᠯ | ᠲᠣᠬᠢᠶᠠᠯᠳᠤᠪᠠᠯ᠂ ᠲᠤᠬᠠᠢ ᠶᠢᠨ ᠭᠠᠵᠠᠷ ᠲᠤᠨᠢ ᠬᠢᠨᠠᠨ ᠬᠠᠷᠭᠤᠭᠤᠯᠬᠤ ᠶᠢ ᠶᠠᠪᠤᠭᠳᠠᠭᠤᠯᠬᠤ ᠬᠡᠷᠡᠭᠲᠡᠢ | 5. ᠭᠦᠢᠴᠡᠳᠬᠡᠬᠦ ᠴᠠᠭ ᠤᠨ ᠬᠢᠵᠠᠭᠠᠷ᠄ 20 ᠡᠳᠦᠷ | ︵ᠬᠤᠶᠠᠷ︶ ᠬᠢᠨᠠᠬᠤ᠂ ᠬᠢᠨᠠᠨ ᠲᠣᠭᠲᠠᠭᠠᠬᠤ | 1. ᠪᠠᠷᠢᠮᠵᠢᠶ᠎ᠠ᠄ ︵1︶ ︽ᠣᠢ ᠰᠢᠭᠤᠢ ᠶᠢᠨ ᠬᠠᠤᠯᠢ︾ ᠶᠢᠨ ᠭᠤᠴᠢᠨ ᠨᠢᠭᠡᠳᠦᠭᠡᠷ ᠵᠦᠢᠯ᠂ ᠭᠤᠴᠢᠨ | ᠭᠤᠷᠪᠠᠳᠤᠭᠠᠷ ᠵᠦᠢᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ︔ | ︵2︶ ︽ᠣᠢ ᠰᠢᠭᠤᠢ ᠶᠢᠨ ᠬᠠᠣᠯᠢ ᠶᠢ ᠬᠡᠷᠡᠭᠵᠢᠭᠦᠯᠬᠦ ᠳᠦᠷᠢᠮ︾ ᠤᠨ ᠭᠤᠴᠢᠨ ᠨᠢᠭᠡᠳᠦᠭᠡᠷ ᠵᠦᠢᠯ ᠤᠨ | ᠵᠢᠭᠰᠠᠭᠠᠨ ᠲᠣᠭᠠᠴᠠᠭᠰᠠᠨ ᠪᠠᠶᠢᠳᠠᠯ ᠪᠠᠶᠢᠬᠤ ᠦᠭᠡᠢ ᠪᠠᠶᠢᠬᠤ ᠬᠡᠷᠡᠭᠲᠡᠢ | ︵3︶ ᠮᠣᠳᠣ ᠣᠭᠲᠣᠯᠬᠤ ᠭᠠᠵᠠᠷ ᠤᠨ ᠪᠠᠶᠢᠴᠠᠭᠠᠵᠦ ᠵᠢᠷᠤᠭᠯᠠᠨ ᠲᠦᠯᠥᠪᠯᠡᠭᠰᠡᠨ ᠪᠢᠴᠢᠭ ᠮᠠᠲ᠋ᠧᠷᠢᠶᠠᠯ ᠨᠢ | ᠬᠠᠮᠢᠶ᠎ᠠ ᠪᠦᠬᠦᠢ ᠮᠡᠷᠭᠡᠵᠢᠯ ᠤᠨ ᠳᠦᠷᠢᠮ ᠳᠤ ᠨᠡᠶᠢᠴᠡᠭᠰᠡᠨ ᠪᠠᠶᠢᠬᠤ ᠬᠡᠷᠡᠭᠲᠡᠢ | ︵4︶ ᠡᠷᠬᠡ ᠬᠠᠷᠢᠶ᠎ᠠ ᠨᠢ ᠲᠣᠳᠤᠷᠬᠠᠢ ᠪᠠᠶᠢᠬᠤ | 2.ᠲᠣᠰ ᠠᠵᠢᠯ ᠤᠨ ᠪᠠᠶᠢᠷᠢ ᠶᠢᠨ ᠬᠠᠷᠢᠭᠤᠴᠠᠯᠭᠠᠲᠤ ᠬᠥᠮᠥᠨ᠄ ᠠᠶᠢᠮᠠᠭ ᠬᠤᠲᠠ ᠶᠢᠨ ᠣᠢ ᠰᠢᠭᠤᠢ ᠶᠢᠨ | ᠲᠣᠪᠴᠢᠶ᠎ᠠ ᠶᠢᠨ ᠡᠬᠢ ᠪᠠᠶᠠᠯᠢᠭ ᠣᠢ ᠶᠢᠨ ᠶᠠᠪᠤᠳᠠᠯ ᠤᠨ ᠰᠠᠯᠠᠭ᠎ᠠ ᠶᠢᠨ ᠳᠠᠷᠤᠭ᠎ᠠ | 3.ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠬᠢᠭᠡᠳ ᠡᠷᠬᠡ ᠮᠡᠳᠡᠯ᠄ | ︵1︶ ᠵᠥᠪᠰᠢᠶᠡᠷᠡᠭᠰᠡᠨ ᠣᠨ ᠤ ᠣᠢ ᠰᠢᠭᠤᠢ ᠣᠭᠲᠣᠯᠬᠤ ᠬᠢᠵᠠᠭᠠᠷᠲᠦ ᠲᠤᠭ᠎ᠠ ᠪᠠ ᠬᠡᠷᠡᠭᠰᠡᠯ ᠮᠣᠳᠦ | ᠦᠢᠯᠡᠳᠪᠦᠷᠢᠯᠡᠬᠦ ᠲᠥᠯᠥᠪᠯᠡᠭᠡ ᠠᠴᠠ ᠳᠠᠪᠠᠭᠤᠯᠤᠨ ᠣᠢ ᠮᠣᠳᠣ ᠣᠭᠲᠣᠯᠬᠤ ᠵᠥᠪᠰᠢᠶᠡᠷᠡᠯ ᠤᠨ ᠦᠨᠡᠮᠯᠡᠯ ᠣᠯᠭᠤᠵᠦ | ᠪᠣᠯᠬᠤ ᠦᠭᠡᠢ | ︵2︶ ᠮᠣᠳᠣ ᠣᠭᠲᠣᠯᠬᠤ ᠭᠠᠵᠠᠷ ᠤᠨ ᠠᠵᠢᠯᠯᠠᠭ᠎ᠠ ᠳᠤ ᠨᠡᠶᠢᠴᠡᠬᠦ ᠦᠭᠡᠢ ᠨᠢᠭᠡᠴᠡ ᠳᠤ ᠪᠣᠯ ᠣᠭᠲᠣᠯᠬᠤ | ᠵᠥᠪᠰᠢᠶᠡᠷᠡᠯ ᠤᠨ ᠦᠨᠡᠮᠯᠡᠯ ᠣᠯᠭᠤᠬᠤ ᠰᠠᠯᠠᠭ᠎ᠠ ᠮᠥᠴᠢᠷ ᠨᠢ ᠣᠭᠲᠣᠯᠬᠤ ᠵᠥᠪᠰᠢᠶᠡᠷᠡᠯ ᠤᠨ ᠦᠨᠡᠮᠯᠡᠯ ᠢ ᠨᠢ | ᠬᠤᠷᠢᠶᠠᠨ ᠠᠪᠬᠤ ᠡᠷᠬᠡ ᠲᠠᠢ ᠪᠦᠭᠡᠳ ᠣᠭᠲᠣᠯᠬᠤ ᠶᠢ ᠨᠢ ᠵᠣᠭᠰᠣᠭᠠᠬᠤ ᠠᠴᠠ ᠠᠪᠤᠭᠠᠳ ᠵᠠᠯᠠᠷᠠᠭᠤᠯᠭ᠎ᠠ ᠬᠢᠯᠭᠡᠨ᠎ᠡ | ︵3︶ ᠬᠢᠨᠠᠮᠠᠭᠠᠢ ᠬᠠᠷᠢᠭᠤᠴᠠᠵᠦ᠂ ᠣᠢ ᠮᠣᠳᠣ ᠣᠭᠲᠣᠯᠬᠤ ᠵᠥᠪᠰᠢᠶᠡᠷᠡᠯ ᠤᠨ ᠦᠨᠡᠮᠯᠡᠯ ᠢ ᠵᠢᠷᠤᠮᠵᠢᠯ ᠲᠠᠢ | ᠲᠠᠭᠯᠠᠭᠤᠯᠵᠦ᠂ ᠪᠤᠷᠤᠭᠤ ᠲᠠᠭᠯᠠᠬᠤ᠂ ᠲᠤᠲᠠᠭᠤ ᠲᠠᠭᠯᠠᠬᠤ᠂ ᠪᠠᠯᠠᠯᠤᠨ ᠵᠠᠰᠠᠬᠤ ᠵᠡᠷᠭᠡ ᠦᠵᠡᠭᠳᠡᠯ ᠭᠠᠷᠬᠤ ᠶᠢ | ᠰᠡᠷᠭᠡᠶᠢᠯᠡᠵᠦ᠂ ᠣᠨ ᠠᠯᠤᠰᠯᠠᠵᠤ ᠦᠨᠡᠮᠯᠡᠯ ᠣᠯᠭᠤᠬᠤ ᠪᠤᠶᠤ ᠲᠣᠭᠲᠠᠭᠠᠭᠰᠠᠨ ᠡᠷᠬᠡ ᠮᠡᠳᠡᠯ ᠠᠴᠠ ᠳᠠᠪᠠᠭᠤᠯᠤᠨ | ᠦᠨᠡᠮᠯᠡᠯ ᠣᠯᠭᠤᠬᠤ ᠶᠢ ᠴᠢᠩᠭ᠎ᠠ ᠴᠠᠭᠠᠵᠠᠯᠠᠨ᠎ᠠ | 4. ᠭᠦᠢᠴᠡᠳᠬᠡᠬᠦ ᠴᠠᠭ ᠤᠨ ᠬᠢᠵᠠᠭᠠᠷ᠄ 7 ᠡᠳᠦᠷ | ︵ᠭᠤᠷᠪᠠ︶ ᠮᠡᠳᠡᠭᠳᠡᠬᠦ | 1. ᠪᠠᠷᠢᠮᠵᠢᠶ᠎ᠠ᠄ ᠬᠢᠨᠠᠬᠤ ᠪᠠᠷᠢᠮᠵᠢᠶ᠎ᠠ ᠳᠤ ᠨᠡᠶᠢᠴᠡᠬᠦ ᠦᠭᠡᠢ | 2. ᠲᠤᠰ ᠠᠵᠢᠯ ᠤᠨ ᠪᠠᠶᠢᠷᠢ ᠶᠢᠨ ᠬᠠᠷᠢᠭᠤᠴᠠᠯᠭᠠᠲᠤ ᠬᠥᠮᠥᠨ᠄ ᠠᠶᠢᠮᠠᠭ ᠬᠤᠲᠠ ᠶᠢᠨ ᠣᠢ ᠰᠢᠭᠤᠢ ᠶᠢᠨ | ᠲᠣᠪᠴᠢᠶ᠎ᠠ ᠶᠢᠨ ᠣᠢ ᠶᠢᠨ ᠶᠠᠪᠤᠳᠠᠯ | 3.ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠬᠢᠭᠡᠳ ᠡᠷᠬᠡ ᠮᠡᠳᠡᠯ᠄ ᠨᠢᠭᠤᠷ ᠳᠡᠭᠡᠷ᠎ᠡ ᠨᠢ ᠮᠡᠳᠡᠭᠳᠡᠬᠦ᠂ | ᠪᠢᠴᠢᠭ ᠢᠶᠠᠷ ᠮᠡᠳᠡᠭᠳᠡᠬᠦ | 4. ᠭᠦᠢᠴᠡᠳᠬᠡᠬᠦ ᠴᠠᠭ ᠤᠨ ᠬᠢᠵᠠᠭᠠᠷ᠄ 5 ᠡᠳᠦᠷ | ︵ᠲᠠᠪᠤ︶ ᠵᠠᠭᠠᠯᠳᠤᠬᠤ | 1. ᠲᠤᠰ ᠠᠵᠢᠯ ᠤᠨ ᠪᠠᠶᠢᠷᠢ ᠶᠢᠨ ᠬᠠᠷᠢᠭᠤᠴᠠᠯᠭᠠᠲᠤ ᠬᠥᠮᠥᠨ᠄ ᠪᠣᠣ ᠭᠦᠸᠧ ᠴᠢᠩ | 2. ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠬᠢᠭᠡᠳ ᠡᠷᠬᠡ ᠮᠡᠳᠡᠯ᠄ ᠵᠠᠰᠠᠭ ᠵᠠᠬᠢᠷᠭᠠᠨ ᠤ | ᠵᠥᠪᠰᠢᠶᠡᠷᠡᠯ ᠤᠨ ᠬᠢᠨᠠᠯᠲᠠ ᠲᠠᠯᠪᠢᠵᠤ ᠪᠠᠶᠢᠴᠠᠭᠠᠬᠤ ᠶᠢ ᠬᠡᠷᠡᠭᠵᠢᠭᠦᠯᠦᠨ᠎ᠡ | 3. ᠵᠠᠭᠠᠯᠳᠤᠬᠤ ᠠᠷᠭ᠎ᠠ ᠵᠠᠮ ᠬᠢᠭᠡᠳ ᠠᠷᠭ᠎ᠠ ᠮᠠᠶ᠋ᠢᠭ᠂ ᠳ᠋ᠢᠶᠠᠩᠬᠤᠸᠠ᠄ ︵0471︶ 2280415 | 4. ᠭᠦᠢᠴᠡᠳᠬᠡᠬᠦ ᠴᠠᠭ ᠤᠨ ᠬᠢᠵᠠᠭᠠᠷ᠄ 10 ᠡᠳᠦᠷ | 5. ᠮᠡᠳᠡᠭᠳᠡᠬᠦ ᠠᠷᠭ᠎ᠠ ᠮᠠᠶ᠋ᠢᠭ ᠬᠢᠭᠡᠳ ᠴᠠᠭ ᠤᠨ ᠬᠢᠵᠠᠭᠠᠷ᠄ 3 ᠡᠳᠦᠷ ᠤᠨ ᠲᠣᠲᠣᠷ᠎ᠠ ᠳ᠋ᠢᠶᠠᠩᠬᠤᠸᠠ ᠪᠠᠷ | ᠮᠡᠳᠡᠭᠳᠡᠨ᠎ᠡ | | | |