2024 ᠣᠨ ᠤ ᠨᠢᠭᠡᠳᠦᠭᠡᠷ ᠪᠦᠯᠦᠭ ᠠᠶᠤᠯ ᠥᠬᠡᠶ ᠦᠶᠯᠡᠳᠪᠦᠷᠢᠯᠡᠯ ᠤᠨ ᠬᠤᠶᠠᠳᠤᠭᠠᠷ ᠳᠡᠰ ᠤᠨ ᠪᠠᠷᠢᠮᠵᠢᠶᠠᠵᠢᠭᠤᠯᠤᠭᠰᠠᠨ ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠵᠠᠷᠯᠠᠯ
ᠨᠡᠶᠢᠲᠡᠯᠡᠭᠰᠡᠨ ᠴᠠᠭ᠄
2024/5/14
    《ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠲᠠᠰ ᠲᠣᠭᠲᠠᠭᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠮᠡᠳᠡᠭᠳᠡᠯ》 ( ᠪᠠᠴᠢᠮ ᠪᠠᠶᠢᠳᠠᠯ ᠢ ᠠᠷᠭᠠᠴᠠᠬᠤ 〔2021〕83 ᠳ᠋ᠤᠭᠠᠷ ᠲᠣᠭᠠᠲᠤ ) ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠠᠵᠤ ᠠᠬᠤᠶᠢᠯᠠᠯ ᠤᠨ ᠥᠪᠡᠷ ᠢ ᠪᠠᠨ ᠦᠨᠡᠯᠡᠬᠦ᠂ ᠭᠤᠶᠤᠴᠢᠯᠠᠬᠤ᠂ ᠲᠤᠬᠠᠶ ᠶᠢᠨ ᠲᠠᠯᠠᠪᠤᠷ ᠲᠤ ᠬᠢᠨᠠᠨ ᠲᠣᠭᠲᠠᠭᠠᠬᠤ ᠵᠡᠷᠭᠡ ᠭᠤᠭᠴᠤᠭ᠎ᠠ ᠪᠠᠷ ᠳᠡᠮᠵᠢᠨ᠂ ᠣᠷᠳᠣᠰ ᠬᠤᠲᠠ ᠶᠢᠨ ᠵᠢᠶᠦ᠋ᠨ ᠵᠧᠩ ᠡᠨᠧᠷᠭᠢ ᠬᠢᠮᠢ ᠶᠢᠨ ᠠᠵᠤ ᠦᠶᠯᠡᠳᠪᠦᠷᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ  ᠤᠨ ᠵᠥᠩ ᠮᠧᠶ ᠶᠤᠸᠠᠨ ᠰᠢᠩ ᠡᠨᠧᠷᠭᠢ ᠬᠢᠮᠢ ᠶᠢᠨ ᠠᠵᠤ ᠦᠶᠯᠡᠳᠪᠦᠷᠢ ᠶᠢᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠰᠢᠩ ᠰᠢᠩ ᠡᠨᠧᠷᠭᠢ ᠶᠢᠨ ᠬᠢᠵᠠᠭᠠᠷᠲᠤ ᠺᠣᠮᠫᠠᠨᠢ᠂ ᠳ᠋ᠠ ᠲᠠᠩ ᠥᠪᠥᠷ ᠮᠣᠩᠭᠤᠯ ᠤᠨ ᠳᠣᠯᠣᠨᠨᠤᠤᠷ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠶᠦ᠋ᠨ ᠵᠧᠩ ᠬᠢᠮᠢ  ᠶᠢᠨ ᠠᠵᠤ ᠦᠶᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠶᠤᠯ ᠥᠬᠡᠶ ᠦᠶᠯᠡᠳᠪᠦᠷᠢᠯᠡᠯ ᠤᠨ ᠬᠤᠶᠠᠳᠤᠭᠠᠷ ᠳᠡᠰ ᠤᠨ ᠪᠠᠷᠢᠮᠵᠢᠶᠠᠵᠢᠭᠤᠯᠤᠭᠰᠠᠨ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠬᠤ ᠪᠠᠷ ᠪᠤᠯᠵᠤ᠂ ᠣᠲᠣ ᠵᠠᠷᠯᠠᠨ ᠨᠡᠶᠢᠲᠡᠯᠡᠵᠤ ᠪᠠᠶᠢᠨ᠎ᠠ᠃    ᠬᠤᠯᠪᠣᠭᠳᠠᠯ ᠪᠦᠬᠦᠢ ᠨᠢᠭᠡᠴᠢ᠂ ᠪᠦᠯᠬᠦᠮ ᠪᠣᠯᠤᠨ ᠬᠤᠪᠢ ᠬᠥᠮᠦᠨ ᠬᠡᠷᠪᠡ ᠰᠠᠨᠠᠯ ᠲᠠᠢ ᠪᠣᠯ ᠨᠡᠶᠢᠲᠡᠯᠡᠭᠰᠡᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠪᠢᠴᠢᠭᠯᠡᠭᠰᠡᠨ ᠬᠡᠯᠪᠡᠷᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠳᠤ ᠳᠤᠷᠠᠳᠬᠤ ᠪᠣᠯᠪᠠᠤ᠃ ᠨᠢᠭᠡᠴᠢ ᠶᠢᠨ ᠨᠡᠷ᠎ᠡ ᠪᠠᠷ ᠪᠠᠶᠢᠳᠠᠯ ᠢ ᠲᠤᠰᠬᠠᠭᠰᠠᠨ ᠪᠣᠯ ᠠᠯᠪᠠᠨ ᠲᠠᠮᠠᠭ᠎ᠠ ᠳᠠᠷᠤᠭᠠᠷᠠᠶ᠃ ᠬᠤᠪᠢ ᠬᠥᠮᠦᠨ  ᠤ ᠨᠡᠷ᠎ᠡ ᠪᠠᠷ ᠪᠠᠶᠢᠳᠠᠯ ᠢ ᠲᠤᠰᠬᠠᠭᠰᠠᠨ ᠪᠣᠯ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ ᠪᠠ ᠬᠠᠷᠢᠯᠴᠠᠬᠤ ᠤᠲᠠᠰᠤ ᠪᠠᠨ ᠪᠢᠴᠢᠭᠡᠷᠡᠶ᠃    ᠢᠯᠡ ᠨᠡᠶᠢᠲᠡᠯᠡᠬᠦ ᠡᠳᠦᠷ ᠬᠤᠭᠤᠴᠠᠭ᠎ᠠ᠄ 2024 ᠣᠨ ᠤ 5 ᠳ᠋ᠤᠭᠠᠷ ᠰᠠᠷ᠎ᠠ ᠶᠢᠨ 7 ᠤ ᠡᠳᠦᠷ ᠠᠴᠠ 5 ᠳ᠋ᠤᠭᠠᠷ ᠰᠠᠷ᠎ᠠ ᠶᠢᠨ 14 ᠤ ᠡᠳᠦᠷ ᠪᠣᠯᠲᠠᠯ᠎ᠠ᠃      ᠬᠠᠷᠢᠯᠴᠠᠬᠤ ᠤᠲᠠᠰᠤ᠄ 0471 - 4824537       ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠧᠩ ᠹᠸᠢ ᠡᠮᠦᠨ᠎ᠡ ᠵᠠᠮ ᠤᠨ 40 ᠳ᠋ᠦ᠋ᠭᠡᠷ ᠨᠣᠮᠧᠷ ᠲᠠᠬᠢ ᠥᠪᠥᠷ ᠮᠣᠩᠭᠤᠯ ᠤᠨ ᠭᠠᠵᠠᠷ ᠤᠨ ᠠᠭᠤᠷᠬᠠᠶ ᠶᠢᠨ ᠪᠠᠷᠠᠭᠤᠨ ᠳᠡᠳ᠋ ᠠᠰᠠᠷ ᠤᠨ ᠨᠢᠭᠡᠳᠤᠭᠡᠷ ᠳᠠᠪᠬᠤᠷᠭ᠎ᠠ  ᠶᠢᠨ 118 ᠳ᠋ᠤᠭᠠᠷ ᠲᠠᠰᠤᠭ         ᠨᠠᠷᠢᠨ ᠠᠭᠤᠯᠭ᠎ᠠ  ᠶᠢ ᠳᠠᠷᠠᠭᠠᠬᠢ ᠰᠦᠯᠵᠢᠶᠠᠨ ᠬᠠᠶᠠᠭ  ᠢᠶᠠᠷ ᠬᠤᠯᠪᠤᠭᠳᠠᠵᠤ  ᠦᠵᠡᠭᠡᠷᠡᠢ᠄ https://yjglt.nmg.gov.cn/yjt_index/tzgg/202405/t20240507_2503920.html 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号