| | ᠰᠢᠨᠬᠤᠸᠠ ᠬᠤᠷᠢᠶ᠎ᠠ ᠶᠢᠨ ᠪᠡᠭᠡᠵᠢᠩ ᠤᠨ 5 | ᠰᠠᠷ᠎ᠠ ᠶᠢᠨ 16 ᠤ ᠴᠠᠬᠢᠯᠭᠠᠨ ᠮᠡᠳᠡᠭᠡ 5 | ᠰᠠᠷ᠎ᠠ ᠶᠢᠨ 16 ᠤ ᠡᠳᠦᠷ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ | ᠲᠠᠩᠬᠢᠮ ᠳᠤ ᠤᠷᠤᠰ ᠤᠨ ᠶᠡᠷᠦᠩᠬᠡᠶᠢᠯᠡᠭᠴᠢ | ᠫᠦᠲ᠋ᠢᠨ ᠲᠠᠢ ᠬᠡᠯᠡᠯᠴᠡᠭᠡ ᠬᠢᠭᠰᠡᠨ ᠤ | ᠳᠠᠷᠠᠭ᠎ᠠ ᠬᠠᠮᠲᠤ ᠪᠠᠷ | ᠰᠤᠷᠪᠤᠯᠵᠢᠯᠠᠬᠴᠢᠳ ᠲᠠᠢ ᠠᠭᠤᠯᠵᠠᠪᠠ᠃ | ᠰᠢ ᠶᠢᠨ ᠫᠢᠩ᠂ ᠶᠡᠷᠦᠩᠬᠡᠶᠢᠯᠡᠭᠴᠢ ᠫᠦᠲ᠋ᠢᠨ | ᠡᠨᠡ ᠤᠳᠠᠭ᠎ᠠ ᠳᠤᠮᠳᠠᠳᠤ ᠤᠯᠤᠰ ᠲᠤ ᠲᠦᠷᠦ ᠶᠢᠨ | ᠶᠠᠪᠤᠳᠠᠯ ᠤᠨ ᠠᠶᠢᠯᠴᠢᠯᠠᠯᠲᠠ ᠬᠢᠭᠰᠡᠨ ᠨᠢ | ᠲᠡᠭᠦᠨ ᠤ ᠰᠢᠨ᠎ᠡ ᠨᠢᠭᠡ ᠬᠤᠭᠤᠴᠠᠭᠠᠨ ᠤ | ᠶᠡᠷᠦᠩᠬᠡᠶᠢᠯᠡᠭᠴᠢ ᠶᠢᠨ | ᠲᠤᠰᠢᠶᠠᠯ ᠤᠨ ᠬᠤᠭᠤᠴᠠᠭ᠎ᠠ ᠪᠠᠨ | ᠡᠬᠢᠯᠡᠭᠦᠯᠦᠭᠰᠡᠨ ᠤ ᠳᠠᠷᠠᠭᠠᠬᠢ ᠠᠩᠬᠠᠳᠠᠭᠴᠢ | ᠠᠶᠢᠯᠴᠢᠯᠠᠯᠲᠠ ᠪᠣᠯᠣᠨ᠎ᠠ᠂ | ᠡᠨᠡ ᠨᠢ ᠶᠡᠷᠦᠩᠬᠡᠶᠢᠯᠡᠭᠴᠢ ᠫᠦᠲ᠋ᠢᠨ ᠪᠣᠯᠣᠨ | ᠤᠷᠤᠰ ᠤᠨ ᠬᠢᠨ ᠳᠤᠮᠳᠠᠳᠤ ᠤᠷᠤᠰ ᠤᠨ | ᠬᠠᠷᠢᠯᠴᠠᠭ᠎ᠠ ᠶᠢ ᠬᠥᠭᠵᠢᠭᠦᠯᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ | ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠃ | ᠪᠢ ᠶᠡᠷᠦᠩᠬᠡᠶᠢᠯᠡᠭᠴᠢ ᠫᠦᠲ᠋ᠢᠨ ᠤ | ᠠᠶᠢᠯᠴᠢᠯᠠᠬᠤ ᠪᠠᠷ ᠢᠷᠡᠭᠰᠡᠨ ᠢ | ᠬᠠᠯᠠᠭᠤᠨ ᠢᠶᠠᠷ ᠤᠭᠲᠤᠵᠤ ᠪᠠᠶᠢᠬᠤ ᠪᠠᠨ | ᠢᠯᠡᠳᠬᠡᠶ᠎ᠡ᠃ ᠰᠠᠶ᠋ᠢᠬᠠᠨ | ᠪᠢ ᠶᠡᠷᠦᠩᠬᠡᠶᠢᠯᠡᠭᠴᠢ ᠫᠦᠲ᠋ᠢᠨ ᠲᠠᠢ | ᠦᠨᠡᠨᠴᠢ ᠨᠥᠭᠦᠷᠰᠡᠭ᠂ ᠠᠭᠤᠯᠭ᠎ᠠ ᠪᠠᠷ | ᠪᠠᠶᠠᠯᠢᠭ ᠬᠡᠯᠡᠯᠴᠡᠭᠡ ᠬᠢᠵᠦ᠂ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠲᠤᠷᠰᠢᠬᠢ ᠬᠤᠶᠠᠷ ᠤᠯᠤᠰ ᠤᠨ | ᠬᠠᠷᠢᠯᠴᠠᠭ᠎ᠠ ᠶᠢᠨ | ᠬᠥᠭᠵᠢᠯᠲᠡ ᠶᠢᠨ ᠠᠮᠵᠢᠯᠲᠠ ᠲᠠᠢ | ᠲᠤᠷᠰᠢᠯᠭ᠎ᠠ ᠶᠢ ᠪᠦᠭᠦ ᠲᠠᠯ᠎ᠠ ᠪᠠᠷ | ᠳ᠋ᠦᠩᠨᠡᠵᠦ᠂ ᠬᠤᠶᠠᠷ ᠲᠠᠯ᠎ᠠ ᠶᠢᠨ | ᠬᠠᠷᠢᠯᠴᠠᠭ᠎ᠠ ᠵᠢᠴᠢ ᠬᠠᠮᠲᠤ ᠪᠠᠷ ᠠᠩᠬᠠᠷᠴᠤ | ᠪᠠᠶᠢᠭ᠎ᠠ ᠴᠢᠬᠤᠯᠠ ᠶᠡᠭᠡ ᠳᠡᠯᠡᠬᠡᠢ ᠶᠢᠨ ᠪᠠ | ᠭᠠᠵᠠᠷ ᠣᠷᠣᠨ ᠤ ᠠᠰᠠᠭᠤᠳᠠᠯ ᠤᠨ ᠲᠤᠬᠠᠢ | ᠰᠠᠨᠠᠯ ᠢᠶᠠᠨ ᠭᠦᠨᠵᠡᠭᠡᠢ ᠰᠣᠯᠢᠯᠴᠠᠵᠤ᠂ | ᠲᠠᠷᠠᠭᠠᠴᠢ ᠶᠢᠨ ᠱᠠᠲᠤᠨ ᠤ ᠬᠤᠶᠠᠷ ᠤᠯᠤᠰ ᠤᠨ | ᠬᠠᠷᠢᠯᠴᠠᠭ᠎ᠠ ᠶᠢᠨ ᠬᠥᠭᠵᠢᠯᠲᠡ ᠪᠣᠯᠣᠨ ᠡᠯ᠎ᠡ | ᠬᠦᠷᠢᠶᠡᠨ ᠳᠠᠬᠢ ᠬᠠᠮᠲᠤᠷᠠᠯᠴᠠᠭ᠎ᠠ ᠳᠤ | ᠲᠥᠯᠦᠪᠵᠢᠭᠦᠯᠭᠡ ᠪᠠ ᠪᠠᠶᠢᠷᠢᠯᠠᠭᠤᠯᠤᠯᠲᠠ | ᠬᠢᠪᠡ᠃ ᠪᠢᠳᠡ ᠪᠠᠰᠠ ︽ᠪᠦᠭᠦᠳᠠ ᠨᠠᠶᠢᠷᠠᠮᠳᠠᠬᠤ | ᠳᠤᠮᠳᠠᠳᠤ ᠠᠷᠠᠳ ᠤᠯᠤᠰ ᠪᠣᠯᠣᠨ ᠤᠷᠤᠰ ᠤᠨ | ᠬᠤᠯᠪᠣᠭᠠᠨ ᠤ ᠬᠤᠶᠠᠷ | ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠤᠢ ᠶᠢᠨ ᠲᠠᠰᠢᠷᠠᠮ ᠳᠤ ᠰᠢᠨ᠎ᠡ ᠴᠠᠭ | ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭᠠᠨ ᠤ | ᠬᠠᠨᠢᠲᠠᠨ ᠤ ᠬᠠᠷᠢᠯᠴᠠᠭ᠎ᠠ ᠶᠢ | ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ | ᠢᠯᠡᠷᠬᠡᠶᠢᠯᠡᠯᠲᠡ︾ ᠳᠤ ᠬᠠᠮᠲᠤ ᠪᠠᠷ ᠭᠠᠷ ᠤᠨ | ᠦᠰᠦᠭ ᠵᠢᠷᠤᠭᠰᠠᠨ ᠪᠥᠭᠡᠳ ᠨᠡᠶᠢᠲᠡᠯᠡᠵᠦ᠂ | ᠬᠤᠶᠠᠷ ᠤᠯᠤᠰ ᠤᠨ ᠵᠠᠰᠠᠭ ᠤᠨ ᠣᠷᠳᠣᠨ ᠤ | ᠬᠤᠭᠤᠷᠣᠨᠳᠣᠭᠢ ᠪᠠ ᠰᠠᠯᠠᠭ᠎ᠠ ᠮᠥᠴᠢᠷ ᠤᠨ | ᠬᠤᠭᠤᠷᠣᠨᠳᠣᠭᠢ ᠤᠯᠠᠨ ᠵᠦᠢᠯ ᠤᠨ ᠴᠢᠬᠤᠯᠠ | ᠬᠠᠮᠲᠤᠷᠠᠯᠴᠠᠭᠠᠨ ᠤ ᠪᠢᠴᠢᠭ | ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ | ᠭᠡᠷᠡᠴᠢᠯᠡᠵᠦ᠂ ᠳᠤᠮᠳᠠᠳᠤ ᠤᠷᠤᠰ ᠤᠨ | ᠬᠠᠷᠢᠯᠴᠠᠭ᠎ᠠ ᠶᠢᠨ ᠡᠷᠡᠭᠦᠯ ᠢᠶᠠᠷ | ᠬᠥᠭᠵᠢᠬᠦ ᠳᠤ ᠰᠢᠨ᠎ᠡ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠪᠡ ᠭᠡᠵᠦ | ᠵᠢᠭᠠᠵᠤ ᠭᠠᠷᠭᠠᠵᠠᠢ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ | ᠤᠷᠤᠰ ᠤᠨ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠤᠢ ᠪᠣᠯᠣᠨ᠎ᠠ᠃ ᠨᠢᠭᠡ ᠵᠠᠭᠤᠨ ᠤ | ᠳᠦᠷᠪᠡᠨ ᠤ ᠭᠤᠷᠪᠠᠨ ᠬᠤᠪᠢ ᠶᠢᠨ ᠶᠠᠪᠤᠴᠠ ᠳᠤ᠂ | ᠳᠤᠮᠳᠠᠳᠤ ᠤᠷᠤᠰ ᠤᠨ ᠬᠠᠷᠢᠯᠴᠠᠭ᠎ᠠ ᠰᠠᠯᠬᠢ | ᠪᠣᠷᠣᠭᠠᠨ ᠢ ᠲᠤᠭᠤᠯᠵᠤ᠂ ᠶᠠᠪᠤᠬᠤ ᠲᠤᠳᠤᠮ | ᠪᠠᠬᠢᠵᠢᠪᠡ᠃ ᠢᠯᠠᠩᠭᠤᠶ᠎ᠠ ᠰᠢᠨ᠎ᠡ ᠴᠠᠭ | ᠦᠶ᠎ᠡ ᠠᠴᠠ ᠨᠠᠭᠠᠰᠢ ᠬᠤᠶᠠᠷ ᠤᠯᠤᠰ ᠤᠨ | ᠬᠠᠷᠢᠯᠴᠠᠭᠠᠨ ᠤ ᠪᠠᠶᠢᠷᠢ ᠲᠣᠭᠲᠠᠭᠠᠯᠲᠠ | ᠦᠷᠭᠦᠯᠵᠢᠯᠡᠨ ᠳᠡᠭᠡᠭᠰᠢᠯᠡᠵᠦ᠂ | ᠬᠠᠮᠲᠤᠷᠠᠯᠴᠠᠭᠠᠨ ᠤ ᠠᠭᠤᠯᠤᠭᠳᠠᠬᠤᠨ ᠡᠳᠦᠷ | ᠢᠷᠡᠬᠦᠶ᠎ᠡ ᠪᠠᠶᠠᠯᠢᠭᠵᠢᠵᠤ᠂ ᠦᠶ᠎ᠡ ᠶᠢᠨ | ᠦᠶ᠎ᠡ ᠳᠡᠭᠡᠨ ᠨᠥᠭᠦᠷᠰᠡᠭ | ᠪᠠᠶᠢᠬᠤ ᠣᠶᠢᠯᠠᠭᠠᠭᠳᠠᠬᠤᠨ ᠬᠥᠮᠥᠰ ᠤᠨ | ᠰᠡᠳᠬᠢᠯ ᠳᠤ ᠭᠦᠨ ᠬᠠᠳᠠᠩᠰᠢᠪᠠ᠃ ᠳᠤᠮᠳᠠᠳᠤ | ᠣᠷᠣᠰ ᠤᠨ ᠬᠠᠷᠢᠯᠴᠠᠭ᠎ᠠ ᠨᠢᠭᠡᠨᠲᠡ ᠰᠢᠨ᠎ᠡ | ᠭᠡᠯᠪᠡᠷᠢ ᠶᠢᠨ ᠣᠯᠠᠨ ᠤᠯᠤᠰ ᠤᠨ ᠬᠠᠷᠢᠯᠴᠠᠭ᠎ᠠ | ᠪᠠ ᠬᠥᠷᠰᠢ ᠵᠡᠷᠭᠡᠯᠡᠳᠡᠭᠡ ᠲᠣᠮᠣ | ᠤᠯᠤᠰ ᠤᠨ ᠬᠠᠷᠢᠯᠴᠠᠭᠠᠨ ᠤ ᠦᠯᠢᠭᠡᠷ | ᠵᠢᠱᠢᠶ᠎ᠡ ᠪᠣᠯᠵᠠᠢ᠃ ᠳᠤᠮᠳᠠᠳᠤ ᠤᠷᠤᠰ ᠤᠨ | ᠬᠠᠷᠢᠯᠴᠠᠭ᠎ᠠ ᠡᠳᠡᠭᠡᠷ ᠢᠯᠡᠷᠬᠡᠢ | ᠠᠮᠵᠢᠯᠲᠠ ᠣᠯᠣᠭᠰᠠᠨ ᠨᠢ ᠬᠤᠶᠠᠷ | ᠲᠠᠯ᠎ᠠ ᠪᠠᠷ ᠢᠶᠠᠨ ᠢᠮᠠᠭᠲᠠ ︽ᠲᠠᠪᠤ ᠶᠢ | ᠪᠠᠷᠢᠮᠲᠠᠯᠠᠭᠰᠠᠨ︾ ᠳᠤ ᠪᠠᠶᠢᠨ᠎ᠠ᠃ | ᠨᠢᠭᠡ ᠳᠤ᠂ ᠬᠠᠷᠢᠯᠴᠠᠨ ᠬᠦᠨᠳᠦᠳᠬᠡᠬᠦ ᠪᠠᠷ | ᠦᠨᠳᠦᠰᠦ ᠪᠤᠯᠭᠠᠬᠤ ᠶᠢ ᠪᠠᠷᠢᠮᠲᠠᠯᠠᠵᠤ᠂ | ᠭᠤᠣᠯᠯᠠᠭᠴᠢ ᠠᠰᠢᠭ ᠲᠤᠰᠠ ᠶᠢᠨ ᠠᠰᠠᠭᠤᠳᠠᠯ | ᠳᠡᠭᠡᠷ᠎ᠡ ᠢᠮᠠᠭᠲᠠ ᠬᠠᠷᠢᠯᠴᠠᠨ ᠳᠡᠮᠵᠢᠪᠡ᠃ ᠪᠢ | ᠶᠡᠷᠦᠩᠬᠡᠶᠢᠯᠡᠭᠴᠢ | ᠫᠦᠲ᠋ᠢᠨ ᠲᠠᠢ ᠬᠠᠮᠲᠤ ᠪᠠᠷ ᠳᠤᠮᠳᠠᠳᠤ ᠤᠷᠤᠰ | ᠬᠤᠶᠠᠷ ᠤᠯᠤᠰ ᠲᠣᠮᠣ ᠤᠯᠤᠰ᠂ ᠬᠥᠷᠰᠢ ᠤᠯᠤᠰ ᠤᠨ | ᠬᠠᠷᠢᠯᠴᠠᠭᠠᠨ ᠤ ᠬᠥᠭᠵᠢᠯᠲᠡ ᠶᠢᠨ ᠰᠢᠨ᠎ᠡ | ᠠᠷᠭ᠎ᠠ ᠵᠠᠮ ᠢᠶᠠᠷ ᠵᠠᠮᠨᠠᠵᠤ ᠴᠢᠳᠠᠭᠰᠠᠨ ᠤ | ᠵᠠᠩᠭᠢᠯᠠᠭ᠎ᠠ ᠨᠢ ᠬᠠᠷᠢᠯᠴᠠᠨ | ᠭᠦᠨᠳᠦᠳᠭᠡᠵᠦ᠂ ᠡᠷᠬᠡ ᠲᠡᠭᠰᠢ ᠪᠠᠷ | ᠬᠠᠨᠳᠤᠵᠤ᠂ ᠢᠮᠠᠭᠲᠠ ᠲᠤᠰ ᠲᠤᠰ ᠤᠨ ᠭᠤᠣᠯᠯᠠᠭᠴᠢ | ᠠᠰᠢᠭ ᠲᠤᠰᠠ ᠪᠣᠯᠣᠨ ᠠᠩᠬᠠᠷᠴᠤ ᠪᠠᠶᠢᠭ᠎ᠠ | ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ | ᠬᠠᠷᠢᠯᠴᠠᠨ ᠡᠷᠡᠰ ᠳᠡᠮᠵᠢᠭᠰᠡᠨ ᠳᠤ ᠪᠠᠶᠢᠨ᠎ᠠ | ᠭᠡᠵᠦ ᠰᠠᠨᠠᠯ ᠨᠢᠭᠡᠲᠡᠢ ᠦᠵᠡᠪᠡ᠃ ᠡᠨᠡ ᠨᠢ ᠮᠥᠨ | ᠴᠦ ᠳᠤᠮᠳᠠᠳᠤ ᠤᠷᠤᠰ ᠤᠨ ᠰᠢᠨ᠎ᠡ ᠴᠠᠭ | ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭᠠᠨ ᠤ | ᠬᠠᠨᠢᠲᠠᠨ ᠤ ᠬᠠᠷᠢᠯᠴᠠᠭ᠎ᠠ ᠶᠢᠨ ᠭᠤᠣᠯ | ᠠᠭᠤᠯᠭ᠎ᠠ ᠪᠣᠯᠣᠨ᠎ᠠ᠃ | ᠬᠤᠶᠠᠷ ᠲᠠᠯ᠎ᠠ ᠪᠠᠷ ᠢᠶᠠᠨ ︽ᠬᠤᠯᠪᠣᠭᠠᠯᠠᠬᠤ | ᠦᠭᠡᠢ᠂ ᠡᠰᠡᠷᠭᠦᠴᠡᠯᠳᠦᠬᠦ ᠦᠭᠡᠢ᠂ | ᠭᠤᠷᠪᠠᠳᠤᠭᠠᠷ ᠡᠲᠡᠭᠡᠳ ᠲᠤ | ᠴᠢᠭᠯᠡᠭᠦᠯᠬᠦ ᠦᠭᠡᠢ︾ ᠵᠠᠷᠴᠢᠮ ᠢ | ᠦᠷᠭᠦᠯᠵᠢᠯᠡᠨ ᠪᠠᠷᠢᠮᠲᠠᠯᠠᠵᠤ᠂ ᠤᠯᠤᠰ | ᠲᠦᠷᠦ ᠶᠢᠨ ᠢᠲᠡᠭᠡᠯᠴᠡᠭᠡ ᠪᠠᠨ ᠲᠠᠰᠤᠷᠠᠯᠲᠠ | ᠦᠭᠡᠢ ᠭᠦᠨᠵᠡᠭᠡᠶᠢᠷᠡᠭᠦᠯᠵᠦ᠂ ᠲᠤᠰ ᠲᠤᠰ ᠤᠨ | ᠰᠣᠩᠭᠤᠭᠰᠠᠨ ᠬᠥᠭᠵᠢᠯᠲᠡ ᠶᠢᠨ ᠵᠠᠮ ᠢ | ᠭᠦᠨᠳᠦᠳᠭᠡᠵᠦ᠂ ᠬᠠᠷᠢᠯᠴᠠᠨ ᠡᠷᠡᠰ ᠳᠡᠮᠵᠢᠬᠦ | ᠳᠤᠮᠳᠠ ᠲᠤᠰ ᠲᠤᠰ ᠤᠨ ᠬᠥᠭᠵᠢᠯ ᠮᠠᠨᠳᠤᠯ ᠢᠶᠠᠨ | ᠪᠡᠶᠡᠯᠡᠭᠦᠯᠦᠨ᠎ᠡ᠃ | ᠬᠤᠶᠠᠷ ᠲᠤ᠂ ᠬᠠᠮᠲᠤᠷᠠᠯᠴᠠᠵᠤ ᠬᠠᠮᠲᠤ ᠪᠠᠷ | ᠠᠰᠢᠭ ᠭᠦᠷᠳᠡᠭᠦ ᠪᠠᠷ ᠬᠥᠳᠡᠯᠭᠡᠬᠦ ᠬᠦᠴᠦᠨ | ᠪᠤᠯᠭᠠᠬᠤ ᠶᠢ ᠪᠠᠷᠢᠮᠲᠠᠯᠠᠵᠤ᠂ ᠳᠤᠮᠳᠠᠳᠤ | ᠤᠷᠤᠰ ᠤᠨ ᠬᠠᠷᠢᠯᠴᠠᠨ ᠬᠠᠷᠠᠭᠠᠯᠵᠠᠵᠤ | ᠬᠠᠷᠢᠯᠬᠤᠶᠠᠷ ᠲᠤ᠂ ᠬᠠᠮᠲᠤᠷᠠᠯᠴᠠᠵᠤ | ᠬᠠᠮᠲᠤ ᠪᠠᠷ ᠠᠰᠢᠭ ᠭᠦᠷᠳᠡᠭᠦ ᠪᠠᠷ | ᠬᠥᠳᠡᠯᠭᠡᠬᠦ ᠬᠦᠴᠦᠨ | ᠪᠤᠯᠭᠠᠬᠤ ᠶᠢ ᠪᠠᠷᠢᠮᠲᠠᠯᠠᠵᠤ᠂ ᠳᠤᠮᠳᠠᠳᠤ | ᠤᠷᠤᠰ ᠤᠨ ᠬᠠᠷᠢᠯᠴᠠᠨ ᠬᠠᠷᠠᠭᠠᠯᠵᠠᠵᠤ | ᠬᠠᠷᠢᠯᠴᠠᠨ ᠠᠰᠢᠭᠲᠠᠢ ᠪᠠᠶᠢᠬᠤ | ᠰᠢᠨ᠎ᠡ ᠪᠠᠶᠢᠷᠢᠰᠢᠯ ᠢ ᠪᠠᠶᠢᠭᠤᠯᠤᠨ᠎ᠠ᠃ | ᠨᠢᠳᠤᠨᠤᠨ ᠳᠤᠮᠳᠠᠳᠤ ᠤᠷᠤᠰ ᠤᠨ ᠬᠤᠶᠠᠷ | ᠲᠠᠯ᠎ᠠ ᠶᠢᠨ ᠠᠷᠠᠯᠵᠢᠶᠠᠨ ᠤ ᠬᠡᠮᠵᠢᠶ᠎ᠡ 2400 | ᠳ᠋ᠦᠩᠰᠢᠭᠤᠷ ᠳ᠋ᠣᠯᠯᠠᠷ ᠢ ᠳᠠᠪᠠᠵᠤ᠂ 10 ᠵᠢᠯ ᠤᠨ | ᠡᠮᠦᠨᠡᠬᠢ ᠠᠴᠠ 1.7 ᠲᠠᠭᠢᠨ ᠰᠢᠬᠠᠮ | ᠨᠡᠮᠡᠭᠳᠡᠵᠡᠢ᠃ ᠡᠨᠡ ᠪᠣᠯ ᠳᠤᠮᠳᠠᠳᠤ ᠤᠷᠤᠰ | ᠬᠤᠶᠠᠷ ᠤᠯᠤᠰ ᠤᠨ ᠪᠦᠭᠦ ᠲᠠᠯ᠎ᠠ ᠶᠢᠨ | ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠶᠢ ᠲᠠᠰᠤᠷᠠᠯᠳᠠ ᠦᠭᠡᠢ | ᠭᠦᠨᠵᠡᠭᠡᠶᠢᠷᠡᠭᠦᠯᠦᠭᠰᠡᠨ ᠤ ᠬᠤᠷᠢᠶᠠᠩᠭᠤᠢ | ᠳᠦᠷᠰᠦ ᠪᠣᠯᠣᠨ᠎ᠠ᠃ ᠪᠢ | ᠶᠡᠷᠦᠩᠬᠡᠶᠢᠯᠡᠭᠴᠢ ᠫᠦᠲ᠋ᠢᠨ ᠲᠠᠢ | ᠬᠠᠮᠲᠤ ᠪᠠᠷ ᠬᠤᠶᠠᠷ ᠤᠯᠤᠰ ᠤᠨ ᠠᠰᠢᠭ | ᠲᠤᠰᠠ ᠶᠢᠨ ᠨᠡᠶᠢᠯᠡᠯ ᠴᠡᠭ ᠢ ᠢᠳᠡᠪᠬᠢᠲᠡᠢ | ᠡᠷᠢᠯᠬᠢᠯᠡᠵᠦ᠂ ᠲᠤᠰ ᠲᠤᠰ ᠤᠨ | ᠳᠠᠪᠠᠭᠤᠯᠢᠭ ᠢᠶᠠᠨ ᠪᠠᠳᠠᠷᠠᠭᠤᠯᠵᠤ᠂ ᠠᠰᠢᠭ | ᠲᠤᠰᠠ ᠶᠢᠨ ᠠᠭᠤᠰᠤᠯᠴᠠᠯ ᠢ | ᠭᠦᠨᠵᠡᠭᠡᠶᠢᠷᠡᠭᠦᠯᠵᠦ᠂ ᠬᠠᠮᠲᠤ ᠪᠠᠷ | ᠠᠮᠵᠢᠯᠲᠠ ᠪᠦᠲᠦᠮᠵᠢ ᠣᠯᠬᠤ ᠶᠢ | ᠪᠡᠶᠡᠯᠡᠭᠦᠯᠦᠨ᠎ᠡ ᠭᠡᠵᠦ ᠰᠠᠨᠠᠯ ᠨᠢᠭᠡᠲᠡᠢ | ᠦᠵᠡᠪᠡ᠃ ᠬᠠᠮᠲᠤᠷᠠᠯᠴᠠᠭᠠᠨ ᠤ ᠪᠦᠲᠦᠴᠡ ᠶᠢ | ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠢ | ᠠᠷᠠᠯᠵᠢᠶ᠎ᠠ ᠵᠡᠷᠭᠡ ᠤᠯᠠᠮᠵᠢᠯᠠᠯᠲᠤ | ᠬᠦᠷᠢᠶ᠎ᠡ ᠴᠠᠷᠠᠭᠠᠨ ᠳᠠᠬᠢ | ᠬᠠᠮᠲᠤᠷᠠᠯᠴᠠᠭᠠᠨ ᠤ ᠰᠠᠶᠢᠨ ᠰᠠᠶᠢᠬᠠᠨ | ᠬᠠᠨᠳᠤᠰᠢ ᠶᠢ ᠰᠠᠶᠢᠲᠤᠷ ᠪᠠᠬᠢᠵᠢᠭᠦᠯᠵᠦ᠂ | ᠰᠠᠭᠤᠷᠢ ᠰᠢᠨᠵᠢᠯᠡᠬᠦ ᠤᠬᠠᠭᠠᠨ ᠤ | ᠰᠤᠳᠤᠯᠭᠠᠨ ᠤ ᠲᠠᠪᠴᠠᠩ ᠤᠨ ᠲᠣᠣᠷ | ᠰᠦᠯᠵᠢᠶ᠎ᠡ ᠶᠢ ᠪᠠᠶᠢᠭᠤᠯᠬᠤ ᠶᠢ ᠳᠡᠮᠵᠢᠵᠦ᠂ | ᠬᠤᠰᠢᠭᠤᠷᠠᠯ ᠬᠦᠷᠢᠶ᠎ᠡ ᠴᠠᠷᠠᠭᠠᠨ ᠳᠠᠬᠢ | ᠬᠠᠮᠲᠤᠷᠠᠯᠴᠠᠭᠠᠨ ᠤ ᠳᠠᠯᠳᠠ ᠬᠦᠴᠦᠨ ᠢ | ᠦᠷᠭᠦᠯᠵᠢᠯᠡᠨ ᠪᠠᠳᠠᠷᠠᠭᠤᠯᠵᠤ᠂ | ᠪᠣᠭᠤᠮᠲᠠ ᠪᠣᠯᠣᠨ ᠵᠠᠮ ᠬᠠᠷᠢᠯᠴᠠᠭ᠎ᠠ | ᠪᠠᠷᠠᠭᠠᠨ ᠤ ᠭᠦᠢᠯᠭᠡᠭᠡ ᠶᠢᠨ | ᠬᠠᠮᠲᠤᠷᠠᠯᠴᠠᠭ᠎ᠠ ᠶᠢ ᠴᠢᠩᠭᠠᠳᠬᠠᠵᠤ᠂ ᠪᠦᠭᠦ | ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ | ᠲᠣᠭᠲᠠᠭᠤᠨ ᠢ ᠬᠠᠮᠠᠭᠠᠯᠠᠨ᠎ᠠ᠃ | ᠭᠤᠷᠪᠠ ᠳᠤ᠂ ᠦᠶ᠎ᠡ ᠶᠢᠨ ᠦᠶ᠎ᠡ | ᠤᠯᠠᠮᠵᠢᠯᠠᠭᠰᠠᠨ ᠨᠥᠬᠦᠷᠯᠡᠯ ᠢᠶᠠᠷ ᠰᠠᠭᠤᠷᠢ | ᠪᠤᠯᠭᠠᠬᠤ ᠶᠢ ᠪᠠᠷᠢᠮᠲᠠᠯᠠᠵᠤ᠂ ᠳᠤᠮᠳᠠᠳᠤ | ᠤᠷᠤᠰ ᠤᠨ ᠨᠥᠬᠦᠷᠯᠡᠯ ᠤᠨ ᠭᠠᠯ ᠪᠠᠮᠪᠠᠷ ᠢ | ᠬᠠᠮᠲᠤ ᠪᠠᠷ ᠳᠠᠮᠵᠢᠭᠤᠯᠤᠨ᠎ᠠ᠃ ᠳᠤᠮᠳᠠᠳᠤ | ᠣᠷᠣᠰ ᠬᠤᠶᠠᠷ ᠤᠯᠤᠰ ᠴᠥᠮ ᠥᠨᠢ ᠤᠳᠠᠭᠠᠨ ᠲᠡᠦᠬᠡ | ᠪᠠ ᠭᠡᠷᠡᠯ ᠰᠠᠴᠤᠷᠠᠩᠭᠤᠢ ᠰᠣᠶᠣᠯ ᠲᠠᠢ | ᠪᠠᠶᠢᠵᠤ᠂ ᠫᠦᠱᠺᠢᠨ᠂ ᠲᠤᠯᠰᠲ᠋ᠤᠢ ᠶᠢᠨ | ᠪᠦᠲᠦᠭᠡᠯ ᠢ ᠳᠤᠮᠳᠠᠳᠤ ᠤᠯᠤᠰ ᠲᠤ | ᠳᠠᠶᠠᠭᠠᠷ ᠢᠶᠠᠨ ᠮᠡᠳᠡᠳᠡᠭ᠂ ᠪᠡᠭᠡᠵᠢᠩ | ᠵᠦᠴᠦᠭᠡ᠂ ᠨᠡᠷᠡᠬᠦᠢ ᠨᠢᠳᠤᠷᠭ᠎ᠠ ᠵᠡᠷᠭᠡ | ᠳᠤᠮᠳᠠᠳᠤ ᠤᠯᠤᠰ ᠤᠨ ᠤᠯᠠᠮᠵᠢᠯᠠᠯᠲᠤ | ᠰᠣᠶᠣᠯ ᠨᠢ ᠴᠦ ᠣᠷᠣᠰ ᠤᠨ ᠠᠷᠠᠳ | ᠲᠦᠮᠡᠨ ᠤ ᠪᠠᠭ᠋ᠠᠷᠬᠠᠯ ᠢ ᠶᠡᠬᠡᠳᠡ ᠣᠯᠣᠭᠰᠠᠨ | ᠶᠤᠮ᠃ ᠣᠳᠣᠬᠠᠨ ᠳᠤ ᠬᠤᠶᠠᠷ ᠲᠠᠯ᠎ᠠ ᠪᠠᠷ ᠢᠶᠠᠨ | ︽2030 ᠣᠨ ᠠᠴᠠ ᠡᠮᠦᠨᠡᠬᠢ ᠳᠤᠮᠳᠠᠳᠤ ᠤᠷᠤᠰ ᠤᠨ | ᠰᠣᠶᠣᠯ ᠢᠷᠭᠡᠨᠰᠢᠯ ᠤᠨ ᠬᠠᠮᠲᠤᠷᠠᠯᠴᠠᠭᠠᠨ ᠤ | ᠵᠠᠮᠱᠤᠭᠤᠮ ᠤᠨ | ᠵᠢᠷᠤᠭ︾ ᠢ ᠨᠠᠶᠢᠳᠠᠪᠤᠷᠢᠵᠢᠭᠤᠯᠬᠤ ᠪᠠᠷ | ᠭᠤᠣᠯ ᠰᠢᠵᠢᠮ ᠪᠤᠯᠭᠠᠵᠤ᠂ ᠰᠣᠶᠣᠯ | ᠢᠷᠭᠡᠨᠰᠢᠯ ᠤᠨ | ᠬᠦᠷᠢᠶᠡᠨ ᠳᠠᠬᠢ ᠬᠠᠮᠲᠤᠷᠠᠯᠴᠠᠭ᠎ᠠ ᠪᠠᠨ | ᠲᠠᠰᠤᠷᠠᠯᠳᠡ ᠦᠭᠡᠢ ᠥᠷᠭᠡᠳᠬᠡᠵᠦ ᠪᠠᠶᠢᠨ᠎ᠠ᠃ ᠪᠢ | ᠶᠡᠷᠦᠩᠬᠡᠶᠢᠯᠡᠭᠴᠢ | ᠫᠦᠲ᠋ᠢᠨ ᠲᠠᠢ ᠬᠠᠮᠲᠤ ᠪᠠᠷ ᠡᠨᠡ ᠵᠢᠯ ᠪᠠ | ᠢᠷᠡᠬᠦ ᠵᠢᠯ ᠢ ︽ᠳᠤᠮᠳᠠᠳᠤ ᠤᠷᠤᠰ ᠤᠨ | ᠰᠣᠶᠣᠯ ᠤᠨ ᠣᠨ︾ ᠢᠶᠠᠷ ᠲᠣᠭᠲᠠᠭᠠᠵᠤ᠂ | ᠬᠤᠶᠠᠷ ᠲᠠᠯ᠎ᠠ ᠪᠠᠷ ᠢᠶᠠᠨ ᠤᠯᠠᠨ | ᠲᠦᠮᠡᠨ ᠲᠠᠢ ᠣᠶᠢᠷᠠᠲᠤᠭᠰᠠᠨ᠂ ᠠᠷᠠᠳ ᠤᠨ | ᠰᠡᠳᠬᠢᠯ ᠢ ᠬᠤᠯᠪᠣᠭᠰᠠᠨ᠂ | ᠬᠠᠯᠠᠭᠤᠨ ᠰᠡᠳᠬᠢᠯᠭᠡ ᠲᠠᠢ ᠠᠯᠢ ᠤᠯᠠᠨ | ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢ | ᠥᠷᠨᠢᠭᠦᠯᠵᠦ᠂ ᠬᠤᠶᠠᠷ | ᠤᠯᠤᠰ ᠤᠨ ᠨᠡᠶᠢᠭᠡᠮ ᠤᠨ ᠡᠯ᠎ᠡ ᠡᠲᠡᠭᠡᠳ᠂ | ᠡᠯ᠎ᠡ ᠭᠠᠵᠠᠷ ᠤᠨ ᠬᠢᠨ ᠤ ᠶᠠᠪᠤᠯᠴᠠᠭ᠎ᠠ ᠪᠠᠨ | ᠴᠢᠩᠭᠠᠳᠬᠠᠬᠤ ᠶᠢ | ᠵᠣᠷᠢᠭᠵᠢᠭᠤᠯᠵᠤ᠂ ᠠᠷᠠᠳ ᠤᠨ ᠰᠡᠳᠬᠢᠯ ᠤᠨ | ᠣᠶᠢᠯᠠᠭᠠᠯᠴᠠᠭ᠎ᠠ ᠨᠡᠪᠲᠡᠷᠡᠯᠴᠡᠭᠡ᠂ | ᠳᠣᠲᠣᠨᠣᠰᠤᠭ ᠶᠠᠪᠤᠯᠴᠠᠭ᠎ᠠ ᠶᠢ ᠨᠡᠩ | ᠰᠠᠶᠢᠲᠤᠷ ᠠᠬᠢᠭᠤᠯᠤᠨ᠎ᠠ᠃ | ᠳᠥᠷᠪᠡ ᠳᠤ᠂ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭ᠎ᠠ ᠪᠠᠷ ᠲᠤᠯᠭᠠᠭᠤᠷᠢᠯᠠᠯ | ᠪᠤᠯᠭᠠᠬᠤ ᠶᠢ ᠪᠠᠷᠢᠮᠲᠠᠯᠠᠵᠤ᠂ ᠪᠦᠭᠦ | ᠪᠥᠮᠪᠥᠷᠴᠡᠭ ᠤᠨ ᠵᠠᠰᠠᠯᠲᠠ ᠶᠢᠨ ᠵᠥᠪ | ᠴᠢᠭᠯᠡᠯ ᠢ ᠬᠥᠲᠥᠯᠥᠨ ᠳᠠᠭᠠᠭᠤᠯᠤᠨ᠎ᠠ᠃ ᠬᠤᠶᠠᠷ | ᠲᠠᠯ᠎ᠠ ᠪᠠᠷ ᠢᠶᠠᠨ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠷ ᠭᠤᠣᠯ | ᠪᠤᠯᠭᠠᠬᠰᠠᠨ ᠤᠯᠠᠨ ᠤᠯᠤᠰ ᠤᠨ ᠰᠢᠰᠲ᠋ᠧᠮ | ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ | ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ | ᠡᠷᠡᠰ ᠬᠠᠮᠠᠭᠠᠯᠠᠵᠤ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ᠂ ᠠᠽᠢᠶ᠎ᠠ ᠲᠢᠪ | ᠨᠣᠮᠣᠬᠠᠨ ᠳᠠᠯᠠᠢ ᠶᠢᠨ ᠣᠷᠣᠨ ᠤ ᠠᠵᠤ | ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ᠂ ᠬᠤᠷᠢᠨ ᠤᠯᠤᠰ ᠤᠨ ᠪᠦᠯᠦᠭᠯᠡᠯ | ᠵᠡᠷᠭᠡ ᠤᠯᠠᠨ ᠲᠠᠯᠠᠲᠤ ᠲᠠᠪᠴᠠᠩ ᠳᠤ | ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ | ᠨᠢᠭᠲᠠᠷᠠᠭᠤᠯᠵᠤ᠂ ᠵᠢᠩᠬᠢᠨᠢ ᠤᠯᠠᠨ ᠲᠠᠯᠠᠲᠤ | ᠦᠵᠡᠯ ᠢᠶᠠᠷ ᠳᠡᠯᠡᠬᠡᠢ ᠶᠢᠨ ᠤᠯᠠᠨ | ᠲᠤᠶᠢᠯᠰᠢᠷᠠᠯᠲᠠ ᠪᠠ ᠠᠵᠤ ᠠᠬᠤᠢ ᠶᠢᠨ | ᠳᠡᠯᠡᠬᠡᠶᠢᠵᠢᠯᠲᠡ ᠶᠢ ᠠᠬᠢᠭᠤᠯᠤᠨ᠎ᠠ᠃ ᠡᠨᠡ | ᠵᠢᠯ ᠤᠷᠤᠰ ᠠᠯᠳᠠᠨ ᠲᠣᠭᠤᠰᠭ᠎ᠠ ᠤᠯᠤᠰ ᠤᠳ ᠤᠨ | ᠵᠢᠵᠢᠭᠦᠷ ᠲᠡᠷᠢᠭᠦᠯᠡᠭᠴᠢ ᠤᠯᠤᠰ ᠤᠨ | ᠲᠤᠰᠢᠶᠠᠯ ᠢ ᠡᠭᠦᠷᠭᠡᠯᠡᠨ᠎ᠡ᠂ | ᠵᠢᠯ ᠤᠨ ᠳᠣᠲᠣᠷ᠎ᠠ ᠳᠤᠮᠳᠠᠳᠤ ᠶᠢᠨ ᠲᠠᠯ᠎ᠠ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ | ᠵᠢᠵᠢᠭᠦᠷ ᠲᠡᠷᠢᠭᠦᠯᠡᠭᠴᠢ ᠤᠯᠤᠰ ᠤᠨ | ᠲᠤᠰᠢᠶᠠᠯ ᠢ ᠭᠥᠯᠢᠶᠡᠨ ᠠᠪᠤᠨ᠎ᠠ᠂ ᠬᠤᠶᠠᠷ | ᠲᠠᠯ᠎ᠠ ᠪᠠᠷ ᠢᠶᠠᠨ ᠲᠡᠷᠢᠭᠦᠯᠡᠭᠴᠢ | ᠤᠯᠤᠰ ᠤᠨ ᠠᠵᠢᠯ ᠢᠶᠠᠨ ᠬᠠᠷᠢᠯᠴᠠᠨ | ᠲᠡᠮᠵᠢᠵᠤ᠂ ᠨᠡᠩ ᠪᠦᠭᠦ ᠲᠠᠯ᠎ᠠ ᠶᠢᠨ᠂ ᠨᠠᠷᠢᠨ | ᠨᠢᠭᠲᠠ᠂ ᠪᠣᠳᠠᠲᠠᠢ ᠶᠢ | ᠡᠷᠬᠢᠮᠯᠡᠭᠰᠡᠨ᠂ ᠪᠠᠭᠲᠠᠭᠠᠮᠵᠢᠲᠠᠢ ᠴᠢᠨᠠᠷ | ᠰᠠᠶᠢᠲᠠᠢ ᠬᠠᠨᠢᠲᠠᠨ ᠤ ᠬᠠᠷᠢᠯᠴᠠᠭ᠎ᠠ ᠶᠢ | ᠪᠠᠶᠢᠭᠤᠯᠵᠤ᠂ ︽ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ︾ ᠢ | ᠪᠦᠯᠬᠦᠮᠳᠡᠭᠦᠯᠦᠨ ᠪᠤᠵᠠᠭᠠᠶᠢᠷᠠᠭᠤᠯᠤᠨ᠎ᠠ᠃ | ᠲᠠᠪᠤ ᠳᠤ᠂ ᠲᠥᠪ ᠭᠤᠣᠯᠴᠢᠲᠠᠪᠤ ᠳᠤ᠂ ᠲᠥᠪ | ᠭᠤᠣᠯᠴᠢ ᠰᠢᠳᠤᠷᠭᠤ ᠶᠣᠰᠣ ᠪᠠᠷ ᠵᠣᠷᠢᠯᠲᠠ | ᠪᠤᠯᠭᠠᠬᠤ ᠶᠢ ᠪᠠᠷᠢᠮᠲᠠᠯᠠᠵᠤ᠂ | ᠬᠠᠯᠠᠮᠰᠢᠯ ᠠᠰᠠᠭᠤᠳᠠᠯ ᠢ ᠤᠯᠤᠰ ᠲᠦᠷᠦ ᠪᠠᠷ | ᠰᠢᠢᠳᠪᠦᠷᠢᠯᠡᠬᠦ ᠶᠢ ᠠᠬᠢᠭᠤᠯᠬᠤ ᠪᠠᠷ | ᠴᠢᠷᠮᠠᠶᠢᠨ᠎ᠠ᠃ ᠣᠳᠣᠬᠠᠨ ᠤ | ᠳᠡᠯᠡᠬᠡᠢ ᠶᠢᠷᠲᠢᠨᠴᠦ ᠳᠤ ᠬᠦᠢᠲᠡᠨ ᠲᠠᠶᠢᠨ ᠤ | ᠰᠡᠳᠬᠢᠬᠦᠢ ᠰᠠᠷᠨᠢᠭ᠎ᠠ ᠦᠭᠡᠢ ᠪᠠᠶᠢᠵᠤ᠂ ᠭᠠᠭᠴᠠ | ᠲᠠᠯ᠎ᠠ ᠪᠠᠷ ᠢᠶᠠᠨ ᠡᠵᠡᠷᠬᠡᠭᠴᠢ ᠪᠤᠯᠬᠤ᠂ | ᠯᠡᠭᠧᠷ ᠤᠨ ᠡᠰᠡᠷᠭᠦᠴᠡᠯᠳᠦᠯ᠂ | ᠬᠦᠴᠦᠷᠬᠡᠭᠯᠡᠯ ᠤᠨ ᠤᠯᠤᠰ ᠲᠦᠷᠦ ᠨᠢ | ᠳᠡᠯᠡᠬᠡᠢ ᠶᠢᠨ ᠡᠩᠬᠡ ᠲᠠᠶᠢᠪᠤᠩ ᠪᠠ ᠡᠯ᠎ᠡ | ᠤᠯᠤᠰ ᠤᠨ ᠠᠮᠤᠷ ᠲᠦᠪᠰᠢᠨ ᠢ ᠰᠦᠷᠳᠡᠭᠦᠯᠵᠦ | ᠪᠠᠶᠢᠨ᠎ᠠ᠃ ᠫᠠᠯᠧᠰᠲ᠋ᠠᠶᠢᠨ ᠢᠰᠷᠧᠯ ᠤᠨ | ᠮᠥᠷᠭᠦᠯᠳᠦᠭᠡᠨ ᠤ ᠠᠰᠠᠭᠤᠳᠠᠯ ᠢ | ᠰᠢᠢᠳᠪᠦᠷᠢᠯᠡᠬᠦ ᠶᠠᠪᠤᠳᠠᠯ ᠲᠤᠯᠭᠠᠮ ᠪᠣᠯᠣᠭᠠᠳ | ᠪᠠᠶᠢᠨ᠎ᠠ ᠭᠡᠵᠦ ᠪᠢ ᠶᠡᠷᠦᠩᠬᠡᠶᠢᠯᠡᠭᠴᠢ | ᠫᠦᠲ᠋ᠢᠨ ᠲᠠᠢ ᠰᠠᠨᠠᠯ ᠨᠢᠭᠡᠲᠡᠢ ᠦᠵᠡᠪᠡ᠃ | ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠰᠢᠢᠳᠪᠦᠷᠢ ᠶᠢ ᠦᠨᠡᠨ | ᠬᠦ ᠬᠡᠷᠡᠭᠵᠢᠭᠦᠯᠵᠦ᠂ ︽ᠬᠤᠶᠠᠷ ᠤᠯᠤᠰ ᠤᠨ | ᠲᠥᠰᠥᠯ︾ ᠢᠶᠠᠷ ᠰᠠᠭᠤᠷᠢ ᠪᠣᠯᠭᠠᠨ | ᠫᠠᠯᠧᠰᠲ᠋ᠠᠶᠢᠨ ᠤ | ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | ᠦᠺᠷᠠᠶᠢᠨ ᠤ ᠬᠢᠮᠤᠷᠠᠯ ᠢ ᠤᠯᠤᠰ ᠲᠥᠷᠥ ᠪᠠᠷ | ᠰᠢᠢᠳᠪᠦᠷᠢᠯᠡᠬᠦ ᠪᠣᠯ ᠵᠥᠪ ᠴᠢᠭᠯᠡᠯ ᠮᠥᠨ ᠭᠡᠵᠦ | ᠬᠤᠶᠠᠷ ᠲᠠᠯ᠎ᠠ ᠪᠠᠷ ᠢᠶᠠᠨ ᠰᠠᠨᠠᠯ ᠨᠢᠭᠡᠲᠡᠢ | ᠦᠵᠡᠵᠦ ᠪᠠᠶᠢᠨ᠎ᠠ᠃ ᠳᠤᠮᠳᠠᠳᠤ ᠤᠯᠤᠰ ᠤᠨ ᠡᠨᠡ | ᠬᠦ ᠠᠰᠠᠭᠤᠳᠠᠯ ᠳᠡᠭᠡᠷᠡᠬᠢ ᠵᠣᠭᠰᠣᠯᠲᠠ ᠪᠣᠯ | ᠢᠮᠠᠭᠲᠠ ᠶᠢᠨ ᠪᠥᠭᠡᠳ ᠲᠣᠳᠣᠷᠬᠠᠢ ᠶᠤᠮ᠂ | ᠡᠭᠦᠨ ᠳᠤ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠦᠨᠳᠦᠰᠦᠨ ᠳᠦᠷᠢᠮ ᠤᠨ | ᠵᠣᠷᠢᠯᠲᠠ ᠪᠠ ᠵᠠᠷᠴᠢᠮ ᠢ ᠵᠢᠷᠤᠮᠯᠠᠬᠤ᠂ ᠡᠯ᠎ᠡ | ᠤᠯᠤᠰ ᠤᠨ ᠡᠷᠬᠡ ᠮᠡᠳᠡᠯ ᠪᠠ ᠨᠤᠲᠤᠭ | ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ | ᠬᠦᠨᠳᠦᠳᠬᠡᠬᠦ᠂ ᠡᠯ᠎ᠡ | ᠲᠠᠯ᠎ᠠ ᠶᠢᠨ ᠬᠢᠨ ᠤ ᠠᠮᠤᠷ ᠲᠦᠪᠰᠢᠨ ᠤ | ᠲᠤᠬᠠᠢ ᠵᠦᠢ ᠶᠣᠰᠣᠨ ᠤ ᠠᠩᠬᠠᠷᠤᠯ ᠢ | ᠬᠦᠨᠳᠦᠳᠬᠡᠬᠦ᠂ ᠲᠡᠩᠴᠡᠭᠦᠷᠢᠲᠡᠢ᠂ | ᠪᠦᠲᠦᠮᠵᠢᠲᠡᠢ᠂ ᠦᠷᠭᠦᠯᠵᠢᠯᠡᠬᠦ ᠰᠢᠨ᠎ᠡ | ᠮᠠᠶ᠋ᠢᠭ ᠤᠨ ᠠᠮᠤᠷ ᠲᠦᠪᠰᠢᠨ ᠤ ᠪᠣᠷᠣ ᠲᠥᠯᠥᠪ ᠢ | ᠪᠠᠶᠢᠭᠤᠯᠬᠤ ᠵᠡᠷᠭᠡ ᠶᠢ | ᠪᠠᠭᠲᠠᠭᠠᠨ᠎ᠠ᠃ ᠳᠤᠮᠳᠠᠳᠤ ᠤᠯᠤᠰ ᠡᠸᠦ᠋ᠷᠦᠫᠡ | ᠲᠢᠪ ᠤᠨ ᠡᠬᠡ ᠬᠠᠭᠤᠷᠠᠢ ᠡᠷᠲᠡᠬᠡᠨ ᠡᠩᠬᠡ | ᠲᠠᠶᠢᠪᠤᠩ ᠲᠣᠭᠲᠠᠭᠤᠨ | ᠪᠠᠶᠢᠳᠠᠯ ᠢᠶᠠᠨ ᠰᠡᠷᠭᠦᠭᠡᠬᠦ ᠶᠢ ᠬᠦᠰᠡᠵᠦ | ᠪᠠᠶᠢᠨ᠎ᠠ᠂ ᠳᠤᠷᠠᠲᠠᠶ᠎ᠠ ᠡᠭᠦᠨ ᠤ ᠲᠥᠯᠥᠭᠡ | ᠦᠷᠭᠦᠯᠵᠢᠯᠡᠨ ᠪᠦᠲᠦᠭᠡᠯᠴᠢ | ᠴᠢᠨᠠᠷᠲᠠᠢ ᠦᠢᠯᠡᠳᠦᠯ ᠦᠵᠡᠭᠦᠯᠦᠨ᠎ᠡ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠤᠯᠠᠨ ᠤ ᠬᠦᠴᠦᠨ ᠳᠤ ᠣᠪᠣᠭ᠎ᠠ | ᠪᠣᠰᠣᠨ᠎ᠠ᠂ ᠲᠤᠰᠤᠯ ᠬᠤᠷᠠᠮᠳᠤᠵᠤ ᠲᠠᠯᠠᠢ | ᠪᠣᠯᠣᠨ᠎ᠠ᠃ 75 ᠵᠢᠯ ᠤᠨ ᠪᠠᠲᠤ ᠪᠠᠬᠢ | ᠬᠤᠷᠠᠮᠳᠤᠭᠤᠯᠤᠯ ᠢᠶᠠᠷ ᠳᠡᠮᠵᠢᠨ ᠳᠤᠮᠳᠠᠳᠤ | ᠣᠷᠣᠰ ᠬᠤᠶᠠᠷ ᠤᠯᠤᠰ ᠤᠨ | ᠦᠶ᠎ᠡ ᠶᠢᠨ ᠦᠶ᠎ᠡ ᠳᠡᠭᠡᠨ ᠨᠥᠭᠦᠷᠰᠡᠭ | ᠪᠠᠶᠢᠬᠤ ᠪᠠ ᠪᠦᠭᠦ ᠲᠠᠯ᠎ᠠ ᠶᠢᠨ | ᠬᠠᠮᠲᠤᠷᠠᠯᠴᠠᠭ᠎ᠠ ᠨᠢ ᠨᠢᠭᠡᠨᠲᠡ ᠬᠤᠶᠠᠷ | ᠲᠠᠯ᠎ᠠ ᠶᠢᠨ ᠬᠦᠴᠢᠷ ᠪᠡᠷᠬᠡᠰᠢᠶᠡᠯ ᠠᠴᠠ | ᠠᠶᠤᠬᠤ ᠦᠭᠡᠢ᠂ ᠲᠠᠰᠤᠷᠠᠯᠲᠠ ᠦᠭᠡᠢ | ᠤᠷᠤᠭᠰᠢᠯᠠᠬᠤ ᠬᠦᠴᠦᠷᠬᠡᠭ ᠶᠡᠭᠡ | ᠬᠥᠳᠡᠯᠭᠡᠬᠦ ᠬᠦᠴᠦᠨ ᠪᠣᠯᠵᠤ ᠪᠦᠷᠢᠯᠳᠦᠪᠡ᠃ | ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ | ᠵᠣᠭᠰᠣᠵᠤ᠂ ᠳᠤᠮᠳᠠᠳᠤ ᠤᠷᠤᠰ | ᠬᠤᠶᠠᠷ ᠲᠠᠯ᠎ᠠ ᠪᠠᠷ ᠢᠶᠠᠨ ᠢᠮᠠᠭᠲᠠ ᠤᠭ | ᠰᠠᠨᠠᠭ᠎ᠠ ᠪᠠᠨ ᠪᠠᠲᠤ ᠰᠠᠬᠢᠵᠤ᠂ ᠬᠦᠴᠦ ᠪᠠᠨ | ᠬᠠᠮᠲᠤᠳᠬᠠᠨ ᠬᠠᠷᠢᠭᠤᠴᠠᠯᠭ᠎ᠠ ᠡᠭᠦᠷᠭᠡᠯᠡᠵᠦ᠂ | ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ | ᠪᠤᠶᠠᠨ ᠦᠢᠯᠡᠳᠴᠦ᠂ ᠳᠡᠯᠡᠬᠡᠢ ᠶᠢᠨ | ᠠᠮᠤᠷ ᠲᠦᠪᠰᠢᠨ ᠲᠣᠭᠲᠠᠭᠤᠨ ᠳᠤ ᠦᠵᠡᠭᠦᠯᠪᠡᠰᠦ | ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ | ᠭᠡᠵᠦ ᠵᠢᠭᠠᠵᠤ ᠭᠠᠷᠭᠠᠪᠠ᠃ | ᠫᠦᠲ᠋ᠢᠨ᠂ ᠨᠢᠳᠤᠨᠤᠨ ᠲᠡᠷᠢᠭᠦᠯᠡᠭᠴᠢ | ᠰᠢ ᠶᠢᠨ ᠫᠢᠩ ᠦᠷᠭᠦᠯᠵᠢᠯᠡᠨ ᠲᠤᠰᠢᠶᠠᠯ | ᠡᠭᠦᠷᠭᠡᠯᠡᠭᠡᠳ ᠤᠳᠠᠭᠰᠠᠨ ᠦᠭᠡᠢ ᠤᠷᠤᠰ ᠲᠤ | ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠭᠰᠡᠨ ᠪᠠᠶᠢᠨ᠎ᠠ᠂ ᠪᠢ ᠡᠨᠡ ᠤᠳᠠᠭ᠎ᠠ | ᠦᠷᠭᠦᠯᠵᠢᠯᠡᠨ ᠲᠤᠰᠢᠶᠠᠯ ᠡᠭᠦᠷᠭᠡᠯᠡᠭᠰᠡᠨ ᠤ | ᠲᠠᠷᠠᠭ᠎ᠠ ᠳᠤᠮᠳᠠᠳᠤ ᠤᠯᠤᠰ ᠢ ᠠᠩᠬ᠎ᠠ ᠤᠳᠠᠭ᠎ᠠ | ᠠᠶᠢᠯᠴᠢᠯᠠᠯᠲᠠ ᠬᠢᠬᠦ ᠤᠯᠤᠰ ᠪᠤᠯᠭᠠᠬᠰᠠᠨ ᠨᠢ | ᠤᠷᠤᠰ ᠳᠤᠮᠳᠠᠳᠤ ᠶᠢᠨ ᠬᠠᠷᠢᠯᠴᠠᠭ᠎ᠠ ᠶᠢᠨ | ᠣᠨᠴᠠᠭᠠᠢ ᠴᠢᠨᠠᠷ ᠪᠣᠯᠣᠨ ᠥᠨᠳᠥᠷ ᠲᠦᠪᠰᠢᠨ | ᠵᠢᠴᠢ ᠤᠷᠤᠰ ᠳᠤᠮᠳᠠᠳᠤ ᠬᠤᠶᠠᠷ | ᠲᠠᠯ᠎ᠠ ᠪᠠᠷ ᠢᠶᠠᠨ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭᠠᠨ ᠤ ᠬᠠᠨᠢᠲᠠᠨ ᠤ | ᠬᠠᠷᠢᠯᠴᠠᠭ᠎ᠠ ᠪᠠᠨ ᠴᠢᠨᠠᠭᠰᠢᠳᠠ | ᠭᠦᠨᠵᠡᠭᠡᠶᠢᠷᠡᠭᠦᠯᠬᠦ ᠶᠢ ᠳᠡᠭᠡᠳᠦ | ᠬᠡᠮᠵᠢᠶ᠎ᠡ ᠪᠠᠷ | ᠴᠢᠬᠤᠯᠠᠴᠢᠯᠠᠵᠤ ᠪᠠᠶᠢᠬᠤ ᠶᠢ ᠳᠠᠬᠢᠨᠲᠠ | ᠢᠯᠡᠳᠬᠡᠪᠡ᠃ ᠤᠷᠤᠰ ᠳᠤᠮᠳᠠᠳᠤ ᠬᠠᠷᠢᠯᠴᠠᠭ᠎ᠠ | ᠪᠠᠶᠢᠭᠤᠯᠤᠭᠰᠠᠨ 75 ᠵᠢᠯ ᠤᠨ ᠲᠤᠷᠰᠢ ᠬᠤᠶᠠᠷ | ᠤᠯᠤᠰ ᠤᠨ ᠬᠠᠷᠢᠯᠴᠠᠭ᠎ᠠ ᠨᠢᠭᠡᠨᠲᠡ ᠲᠣᠮᠣ | ᠤᠯᠤᠰ᠂ ᠬᠥᠷᠰᠢ ᠤᠯᠤᠰ ᠤᠨ ᠬᠠᠨᠢᠲᠠᠨ ᠤ | ᠬᠠᠷᠢᠯᠴᠠᠭ᠎ᠠ ᠪᠠᠨ ᠬᠥᠭᠵᠢᠭᠦᠯᠬᠦ ᠬᠡᠪ | ᠳᠠᠭᠤᠷᠢᠶᠠᠯ ᠪᠣᠯᠵᠤ᠂ ᠬᠤᠶᠠᠷ ᠤᠯᠤᠰ ᠤᠨ | ᠬᠠᠮᠲᠤᠷᠠᠯᠴᠠᠭᠠᠨ ᠤ ᠠᠭᠤᠯᠭ᠎ᠠ ᠪᠠᠶᠠᠯᠢᠭ᠂ | ᠦᠷ᠎ᠡ ᠪᠦᠲᠦᠭᠡᠯ ᠡᠯᠪᠡᠭ ᠪᠣᠯᠵᠠᠢ᠃ ᠪᠢ | ᠲᠡᠷᠢᠭᠦᠯᠡᠭᠴᠢ ᠰᠢ ᠶᠢᠨ ᠫᠢᠩ ᠲᠠᠢ ᠨᠢᠭᠲᠠ | ᠣᠯᠣᠯᠴᠠᠭ᠎ᠠ ᠪᠠ ᠰᠠᠶᠢᠨ | ᠰᠠᠶᠢᠬᠠᠨ ᠬᠠᠷᠢᠯᠴᠠᠭ᠎ᠠ ᠪᠠᠨ ᠪᠠᠲᠤᠯᠠᠵᠤ᠂ | ᠮᠠᠨ ᠤ ᠬᠤᠶᠠᠷ ᠲᠠᠯ᠎ᠠ ᠪᠠᠷ ᠢᠶᠠᠨ ᠤᠷᠤᠰ | ᠳᠤᠮᠳᠠᠳᠤ ᠶᠢᠨ ᠬᠠᠷᠢᠯᠴᠠᠭᠠᠨ ᠤ | ᠣᠳᠣᠬᠢ ᠪᠠᠶᠢᠳᠠᠯ ᠳᠤ ᠰᠡᠳᠬᠢᠯ ᠬᠠᠨᠤᠮᠵᠢᠲᠠᠢ | ᠪᠠᠶᠢᠬᠤ ᠪᠠᠨ ᠢᠯᠡᠳᠬᠡᠵᠦ᠂ ᠢᠷᠡᠭᠡᠳᠦᠢ ᠶᠢᠨ | ᠬᠠᠮᠲᠤᠷᠠᠯᠴᠠᠭ᠎ᠠ ᠳᠤ ᠢᠲᠡᠭᠡᠯ ᠳᠦᠭᠦᠷᠡᠩ | ᠪᠠᠶᠢᠨ᠎ᠠ᠃ ᠤᠷᠤᠰ ᠤᠨ ᠲᠠᠯ᠎ᠠ ᠶᠢᠨ ᠬᠢᠨ | ᠳᠤᠮᠳᠠᠳᠤ ᠤᠯᠤᠰ ᠢ ᠤᠷᠳᠤ ᠬᠤᠭᠤᠴᠠᠭᠠᠨ ᠤ | ᠨᠠᠶᠢᠳᠠᠪᠤᠷᠢᠲᠠᠢ ᠬᠠᠮᠲᠤᠷᠠᠯᠴᠠᠭᠠᠨ ᠤ | ᠬᠠᠨᠢᠲᠠᠨ ᠢᠶᠠᠨ ᠪᠤᠯᠭᠠᠵᠤ᠂ ᠳᠤᠷᠠᠲᠠᠶ᠎ᠠ | ᠳᠤᠮᠳᠠᠳᠤ ᠤᠯᠤᠰ ᠯᠤᠭ᠎ᠠ ᠤᠯᠤᠰ ᠲᠦᠷᠦ᠂ | ᠠᠵᠤ ᠠᠬᠤᠢ᠂ ᠰᠣᠶᠣᠯ᠂ ᠰᠤᠷᠭᠠᠨ | ᠬᠥᠮᠦᠵᠢᠯ᠂ᠠᠮᠤᠷ ᠲᠦᠪᠰᠢᠨ ᠵᠡᠷᠭᠡ | ᠬᠦᠷᠢᠶᠡᠨ ᠳᠠᠬᠢ | ᠬᠠᠮᠲᠤᠷᠠᠯᠴᠠᠭ᠎ᠠ ᠪᠠᠨ ᠦᠷᠭᠦᠯᠵᠢᠯᠡᠨ | ᠥᠷᠭᠡᠳᠬᠡᠵᠦ᠂ ︽ᠤᠷᠤᠰ ᠳᠤᠮᠳᠠᠳᠤ ᠶᠢᠨ | ᠰᠣᠶᠣᠯ ᠤᠨ ᠣᠨ︾ ᠢ ᠰᠠᠶᠢᠲᠤᠷ ᠡᠷᠭᠢᠯᠡᠵᠦ᠂ | ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ | ᠭᠦᠨᠵᠡᠭᠡᠶᠢᠷᠡᠭᠦᠯᠦᠨ᠎ᠡ᠃ ᠤᠷᠤᠰ ᠳᠤᠮᠳᠠᠳᠤ | ᠤᠯᠠᠨ ᠤᠯᠤᠰ ᠤᠨ ᠲᠠᠪᠴᠠᠩ ᠳᠡᠭᠡᠷ᠎ᠡ ᠨᠢᠭᠲᠠ | ᠬᠠᠮᠵᠢᠯᠴᠠᠭ᠎ᠠ ᠪᠠᠨ ᠪᠠᠲᠤᠯᠠᠵᠤ᠂ ᠨᠡᠩ | ᠠᠷᠠᠳᠴᠢᠯᠠᠯ ᠲᠠᠢ ᠤᠯᠠᠨ ᠲᠦᠢᠯᠵᠢᠭ᠌ᠰᠠᠨ | ᠳᠡᠯᠡᠬᠡᠢ ᠶᠢᠨ ᠡᠮᠬᠢ ᠳᠢᠭᠯᠢᠮ ᠢ | ᠪᠠᠶᠢᠭᠤᠯᠬᠤ ᠪᠠᠷ ᠬᠠᠮᠲᠤ ᠪᠠᠷ ᠴᠢᠷᠮᠠᠶᠢᠵᠤ᠂ | ᠳᠤᠷᠠᠲᠠᠶ᠎ᠠ ᠠᠯᠳᠠᠨ ᠲᠣᠭᠤᠰᠭ᠎ᠠ | ᠤᠯᠤᠰ ᠤᠳ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠵᠡᠷᠭᠡ ᠪᠣᠷᠣ ᠲᠥᠯᠥᠪ ᠤᠨ | ᠳᠣᠲᠣᠷᠠᠬᠢ ᠬᠠᠮᠲᠤᠷᠠᠯᠴᠠᠭ᠎ᠠ ᠵᠢᠴᠢ | ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ | ᠶᠡᠭᠡ ᠠᠰᠠᠭᠤᠳᠠᠯ ᠤᠨ ᠲᠠᠯ᠎ᠠ ᠪᠠᠷ ᠬᠢ | ᠣᠯᠣᠯᠴᠠᠭ᠎ᠠ ᠪᠠᠨ ᠦᠷᠭᠦᠯᠵᠢᠯᠡᠨ | ᠴᠢᠩᠭᠠᠳᠬᠠᠵᠤ᠂ ᠭᠠᠵᠠᠷ ᠣᠷᠣᠨ ᠪᠣᠯᠣᠨ | ᠳᠡᠯᠡᠬᠡᠢ ᠶᠢᠨ ᠡᠩᠬᠡ ᠲᠠᠶᠢᠪᠤᠩ | ᠬᠥᠭᠵᠢᠯᠲᠡ ᠶᠢ ᠠᠬᠢᠭᠤᠯᠤᠨ᠎ᠠ ᠭᠡᠵᠦ | ᠢᠯᠡᠳᠬᠡᠪᠡ᠃ ᠼᠠᠢ ᠴᠢ᠂ ᠳ᠋ᠢᠩ ᠰᠢᠤᠸᠠᠢ ᠰᠢᠶᠠᠩ᠂ | ᠸᠠᠩ ᠢ᠂ ᠾᠧ ᠯᠢ ᠹᠧᠩ᠂ ᠵᠠᠩ ᠭᠦᠸᠧ ᠴᠢᠩ᠂ ᠱᠧᠨ ᠢ | ᠴᠢᠨ ᠨᠠᠷ ᠣᠷᠣᠯᠴᠠᠪᠠ᠃ | |