ᠰᠢ ᠶᠢᠨ ᠫᠢᠩ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠪᠠᠷ ᠰᠤᠷᠪᠤᠯᠵᠢᠯᠠᠭᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2024/5/17
     ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 16 ᠤ ᠴᠠᠬᠢᠯᠭᠠᠨ ᠮᠡᠳᠡᠭᠡ 5 ᠰᠠᠷ᠎ᠠ ᠶᠢᠨ 16 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠬᠡᠯᠡᠯᠴᠡᠭᠡ ᠬᠢᠭᠰᠡᠨ ᠤ ᠳᠠᠷᠠᠭ᠎ᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ᠃      ᠰᠢ ᠶᠢᠨ ᠫᠢᠩ᠂ ᠶᠡᠷᠦᠩᠬᠡᠶᠢᠯᠡᠭᠴᠢ ᠫᠦᠲ᠋ᠢᠨ ᠡᠨᠡ ᠤᠳᠠᠭ᠎ᠠ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠨᠢ ᠲᠡᠭᠦᠨ ᠤ ᠰᠢᠨ᠎ᠡ ᠨᠢᠭᠡ ᠬᠤᠭᠤᠴᠠᠭᠠᠨ ᠤ ᠶᠡᠷᠦᠩᠬᠡᠶᠢᠯᠡᠭᠴᠢ ᠶᠢᠨ ᠲᠤᠰᠢᠶᠠᠯ ᠤᠨ ᠬᠤᠭᠤᠴᠠᠭ᠎ᠠ ᠪᠠᠨ ᠡᠬᠢᠯᠡᠭᠦᠯᠦᠭᠰᠡᠨ ᠤ ᠳᠠᠷᠠᠭᠠᠬᠢ ᠠᠩᠬᠠᠳᠠᠭᠴᠢ ᠠᠶᠢᠯᠴᠢᠯᠠᠯᠲᠠ ᠪᠣᠯᠣᠨ᠎ᠠ᠂ ᠡᠨᠡ ᠨᠢ ᠶᠡᠷᠦᠩᠬᠡᠶᠢᠯᠡᠭᠴᠢ ᠫᠦᠲ᠋ᠢᠨ ᠪᠣᠯᠣᠨ ᠤᠷᠤᠰ ᠤᠨ ᠬᠢᠨ ᠳᠤᠮᠳᠠᠳᠤ ᠤᠷᠤᠰ ᠤᠨ ᠬᠠᠷᠢᠯᠴᠠᠭ᠎ᠠ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠃ ᠪᠢ ᠶᠡᠷᠦᠩᠬᠡᠶᠢᠯᠡᠭᠴᠢ ᠫᠦᠲ᠋ᠢᠨ ᠤ ᠠᠶᠢᠯᠴᠢᠯᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠶ᠎ᠡ᠃ ᠰᠠᠶ᠋ᠢᠬᠠᠨ ᠪᠢ ᠶᠡᠷᠦᠩᠬᠡᠶᠢᠯᠡᠭᠴᠢ ᠫᠦᠲ᠋ᠢᠨ ᠲᠠᠢ ᠦᠨᠡᠨᠴᠢ ᠨᠥᠭᠦᠷᠰᠡᠭ᠂ ᠠᠭᠤᠯᠭ᠎ᠠ ᠪᠠᠷ ᠪᠠᠶᠠᠯᠢᠭ ᠬᠡᠯᠡᠯᠴᠡᠭᠡ ᠬᠢᠵᠦ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢᠬᠢ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠶᠢᠨ ᠠᠮᠵᠢᠯᠲᠠ ᠲᠠᠢ ᠲᠤᠷᠰᠢᠯᠭ᠎ᠠ ᠶᠢ ᠪᠦᠭᠦ ᠲᠠᠯ᠎ᠠ ᠪᠠᠷ ᠳ᠋ᠦᠩᠨᠡᠵᠦ᠂ ᠬᠤᠶᠠᠷ ᠲᠠᠯ᠎ᠠ ᠶᠢᠨ ᠬᠠᠷᠢᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ ᠶᠡᠭᠡ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠠᠷᠠᠭᠠᠴᠢ ᠶᠢᠨ ᠱᠠᠲᠤᠨ ᠤ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠪᠣᠯᠣᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠳᠤ ᠲᠥᠯᠦᠪᠵᠢᠭᠦᠯᠭᠡ ᠪᠠ ᠪᠠᠶᠢᠷᠢᠯᠠᠭᠤᠯᠤᠯᠲᠠ ᠬᠢᠪᠡ᠃ ᠪᠢᠳᠡ ᠪᠠᠰᠠ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ ᠤᠨ ᠬᠤᠯᠪᠣᠭᠠᠨ ᠤ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢᠨ ᠲᠠᠰᠢᠷᠠᠮ ᠳᠤ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠬᠠᠮᠲᠤ ᠪᠠᠷ ᠭᠠᠷ ᠤᠨ ᠦᠰᠦᠭ ᠵᠢᠷᠤᠭᠰᠠᠨ ᠪᠥᠭᠡᠳ ᠨᠡᠶᠢᠲᠡᠯᠡᠵᠦ᠂ ᠬᠤᠶᠠᠷ ᠤᠯᠤᠰ ᠤᠨ ᠵᠠᠰᠠᠭ ᠤᠨ ᠣᠷᠳᠣᠨ ᠤ ᠬᠤᠭᠤᠷᠣᠨᠳᠣᠭᠢ ᠪᠠ ᠰᠠᠯᠠᠭ᠎ᠠ ᠮᠥᠴᠢᠷ ᠤᠨ ᠬᠤᠭᠤᠷᠣᠨᠳᠣᠭᠢ ᠤᠯᠠᠨ ᠵᠦᠢᠯ ᠤᠨ ᠴᠢᠬᠤᠯᠠ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠵᠦ᠂ ᠳᠤᠮᠳᠠᠳᠤ ᠤᠷᠤᠰ ᠤᠨ ᠬᠠᠷᠢᠯᠴᠠᠭ᠎ᠠ ᠶᠢᠨ ᠡᠷᠡᠭᠦᠯ ᠢᠶᠠᠷ ᠬᠥᠭᠵᠢᠬᠦ ᠳᠤ ᠰᠢᠨ᠎ᠡ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ ᠭᠡᠵᠦ ᠵᠢᠭᠠᠵᠤ ᠭᠠᠷᠭᠠᠵᠠᠢ᠃     ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠷᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠣᠨ᠎ᠠ᠃ ᠨᠢᠭᠡ ᠵᠠᠭᠤᠨ ᠤ ᠳᠦᠷᠪᠡᠨ ᠤ ᠭᠤᠷᠪᠠᠨ ᠬᠤᠪᠢ ᠶᠢᠨ ᠶᠠᠪᠤᠴᠠ ᠳᠤ᠂ ᠳᠤᠮᠳᠠᠳᠤ ᠤᠷᠤᠰ ᠤᠨ ᠬᠠᠷᠢᠯᠴᠠᠭ᠎ᠠ ᠰᠠᠯᠬᠢ ᠪᠣᠷᠣᠭᠠᠨ ᠢ ᠲᠤᠭᠤᠯᠵᠤ᠂ ᠶᠠᠪᠤᠬᠤ ᠲᠤᠳᠤᠮ ᠪᠠᠬᠢᠵᠢᠪᠡ᠃ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢ ᠬᠤᠶᠠᠷ ᠤᠯᠤᠰ ᠤᠨ ᠬᠠᠷᠢᠯᠴᠠᠭᠠᠨ ᠤ ᠪᠠᠶᠢᠷᠢ ᠲᠣᠭᠲᠠᠭᠠᠯᠲᠠ ᠦᠷᠭᠦᠯᠵᠢᠯᠡᠨ ᠳᠡᠭᠡᠭᠰᠢᠯᠡᠵᠦ᠂ ᠬᠠᠮᠲᠤᠷᠠᠯᠴᠠᠭᠠᠨ ᠤ ᠠᠭᠤᠯᠤᠭᠳᠠᠬᠤᠨ ᠡᠳᠦᠷ ᠢᠷᠡᠬᠦᠶ᠎ᠡ ᠪᠠᠶᠠᠯᠢᠭᠵᠢᠵᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠣᠶᠢᠯᠠᠭᠠᠭᠳᠠᠬᠤᠨ ᠬᠥᠮᠥᠰ ᠤᠨ ᠰᠡᠳᠬᠢᠯ ᠳᠤ ᠭᠦᠨ ᠬᠠᠳᠠᠩᠰᠢᠪᠠ᠃ ᠳᠤᠮᠳᠠᠳᠤ ᠣᠷᠣᠰ ᠤᠨ ᠬᠠᠷᠢᠯᠴᠠᠭ᠎ᠠ ᠨᠢᠭᠡᠨᠲᠡ ᠰᠢᠨ᠎ᠡ ᠭᠡᠯᠪᠡᠷᠢ ᠶᠢᠨ ᠣᠯᠠᠨ ᠤᠯᠤᠰ ᠤᠨ ᠬᠠᠷᠢᠯᠴᠠᠭ᠎ᠠ ᠪᠠ ᠬᠥᠷᠰᠢ ᠵᠡᠷᠭᠡᠯᠡᠳᠡᠭᠡ ᠲᠣᠮᠣ ᠤᠯᠤᠰ ᠤᠨ ᠬᠠᠷᠢᠯᠴᠠᠭᠠᠨ ᠤ ᠦᠯᠢᠭᠡᠷ ᠵᠢᠱᠢᠶ᠎ᠡ ᠪᠣᠯᠵᠠᠢ᠃ ᠳᠤᠮᠳᠠᠳᠤ ᠤᠷᠤᠰ ᠤᠨ ᠬᠠᠷᠢᠯᠴᠠᠭ᠎ᠠ ᠡᠳᠡᠭᠡᠷ ᠢᠯᠡᠷᠬᠡᠢ ᠠᠮᠵᠢᠯᠲᠠ ᠣᠯᠣᠭᠰᠠᠨ ᠨᠢ ᠬᠤᠶᠠᠷ ᠲᠠᠯ᠎ᠠ ᠪᠠᠷ ᠢᠶᠠᠨ ᠢᠮᠠᠭᠲᠠ ︽ᠲᠠᠪᠤ ᠶᠢ ᠪᠠᠷᠢᠮᠲᠠᠯᠠᠭᠰᠠᠨ︾ ᠳᠤ ᠪᠠᠶᠢᠨ᠎ᠠ᠃      ᠨᠢᠭᠡ ᠳᠤ᠂ ᠬᠠᠷᠢᠯᠴᠠᠨ ᠬᠦᠨᠳᠦᠳᠬᠡᠬᠦ ᠪᠠᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠭᠤᠣᠯᠯᠠᠭᠴᠢ ᠠᠰᠢᠭ ᠲᠤᠰᠠ ᠶᠢᠨ ᠠᠰᠠᠭᠤᠳᠠᠯ ᠳᠡᠭᠡᠷ᠎ᠡ ᠢᠮᠠᠭᠲᠠ ᠬᠠᠷᠢᠯᠴᠠᠨ ᠳᠡᠮᠵᠢᠪᠡ᠃ ᠪᠢ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠪᠠᠷ ᠳᠤᠮᠳᠠᠳᠤ ᠤᠷᠤᠰ ᠬᠤᠶᠠᠷ ᠤᠯᠤᠰ ᠲᠣᠮᠣ ᠤᠯᠤᠰ᠂ ᠬᠥᠷᠰᠢ ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠰᠢᠨ᠎ᠡ ᠠᠷᠭ᠎ᠠ ᠵᠠᠮ ᠢᠶᠠᠷ ᠵᠠᠮᠨᠠᠵᠤ ᠴᠢᠳᠠᠭᠰᠠᠨ ᠤ ᠵᠠᠩᠭᠢᠯᠠᠭ᠎ᠠ ᠨᠢ ᠬᠠᠷᠢᠯᠴᠠᠨ ᠭᠦᠨᠳᠦᠳᠭᠡᠵᠦ᠂ ᠡᠷᠬᠡ ᠲᠡᠭᠰᠢ ᠪᠠᠷ ᠬᠠᠨᠳᠤᠵᠤ᠂ ᠢᠮᠠᠭᠲᠠ ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠡᠷᠡᠰ ᠳᠡᠮᠵᠢᠭᠰᠡᠨ ᠳᠤ ᠪᠠᠶᠢᠨ᠎ᠠ ᠭᠡᠵᠦ ᠰᠠᠨᠠᠯ ᠨᠢᠭᠡᠲᠡᠢ ᠦᠵᠡᠪᠡ᠃ ᠡᠨᠡ ᠨᠢ ᠮᠥᠨ ᠴᠦ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠭᠤᠣᠯ ᠠᠭᠤᠯᠭ᠎ᠠ ᠪᠣᠯᠣᠨ᠎ᠠ᠃ ᠬᠤᠶᠠᠷ ᠲᠠᠯ᠎ᠠ ᠪᠠᠷ ᠢᠶᠠᠨ ︽ᠬᠤᠯᠪᠣᠭᠠᠯᠠᠬᠤ ᠦᠭᠡᠢ᠂ ᠡᠰᠡᠷᠭᠦᠴᠡᠯᠳᠦᠬᠦ ᠦᠭᠡᠢ᠂ ᠭᠤᠷᠪᠠᠳᠤᠭᠠᠷ ᠡᠲᠡᠭᠡᠳ ᠲᠤ ᠴᠢᠭᠯᠡᠭᠦᠯᠬᠦ ᠦᠭᠡᠢ︾ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠲᠤᠰ ᠲᠤᠰ ᠤᠨ ᠰᠣᠩᠭᠤᠭᠰᠠᠨ ᠬᠥᠭᠵᠢᠯᠲᠡ ᠶᠢᠨ ᠵᠠᠮ ᠢ ᠭᠦᠨᠳᠦᠳᠭᠡᠵᠦ᠂ ᠬᠠᠷᠢᠯᠴᠠᠨ ᠡᠷᠡᠰ ᠳᠡᠮᠵᠢᠬᠦ ᠳᠤᠮᠳᠠ ᠲᠤᠰ ᠲᠤᠰ ᠤᠨ ᠬᠥᠭᠵᠢᠯ ᠮᠠᠨᠳᠤᠯ ᠢᠶᠠᠨ ᠪᠡᠶᠡᠯᠡᠭᠦᠯᠦᠨ᠎ᠡ᠃      ᠬᠤᠶᠠᠷ ᠲᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠪᠠᠷ ᠬᠥᠳᠡᠯᠭᠡᠬᠦ ᠬᠦᠴᠦᠨ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠷᠤᠰ ᠤᠨ ᠬᠠᠷᠢᠯᠴᠠᠨ ᠬᠠᠷᠠᠭᠠᠯᠵᠠᠵᠤ ᠬᠠᠷᠢᠯᠬᠤᠶᠠᠷ ᠲᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠪᠠᠷ ᠬᠥᠳᠡᠯᠭᠡᠬᠦ ᠬᠦᠴᠦᠨ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠷᠤᠰ ᠤᠨ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠨᠢᠳᠤᠨᠤᠨ ᠳᠤᠮᠳᠠᠳᠤ ᠤᠷᠤᠰ ᠤᠨ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ 2400 ᠳ᠋ᠦᠩᠰᠢᠭᠤᠷ ᠳ᠋ᠣᠯᠯᠠᠷ ᠢ ᠳᠠᠪᠠᠵᠤ᠂ 10 ᠵᠢᠯ ᠤᠨ ᠡᠮᠦᠨᠡᠬᠢ ᠠᠴᠠ 1.7 ᠲᠠᠭᠢᠨ ᠰᠢᠬᠠᠮ ᠨᠡᠮᠡᠭᠳᠡᠵᠡᠢ᠃ ᠡᠨᠡ ᠪᠣᠯ ᠳᠤᠮᠳᠠᠳᠤ ᠤᠷᠤᠰ ᠬᠤᠶᠠᠷ ᠤᠯᠤᠰ ᠤᠨ ᠪᠦᠭᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠦᠭᠰᠡᠨ ᠤ ᠬᠤᠷᠢᠶᠠᠩᠭᠤᠢ ᠳᠦᠷᠰᠦ ᠪᠣᠯᠣᠨ᠎ᠠ᠃ ᠪᠢ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠪᠠᠷ ᠬᠤᠶᠠᠷ ᠤᠯᠤᠰ ᠤᠨ ᠠᠰᠢᠭ ᠲᠤᠰᠠ ᠶᠢᠨ ᠨᠡᠶᠢᠯᠡᠯ ᠴᠡᠭ ᠢ ᠢᠳᠡᠪᠬᠢᠲᠡᠢ ᠡᠷᠢᠯᠬᠢᠯᠡᠵᠦ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠰᠢᠭ ᠲᠤᠰᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠬᠠᠮᠲᠤ ᠪᠠᠷ ᠠᠮᠵᠢᠯᠲᠠ ᠪᠦᠲᠦᠮᠵᠢ ᠣᠯᠬᠤ ᠶᠢ ᠪᠡᠶᠡᠯᠡᠭᠦᠯᠦᠨ᠎ᠡ ᠭᠡᠵᠦ ᠰᠠᠨᠠᠯ ᠨᠢᠭᠡᠲᠡᠢ ᠦᠵᠡᠪᠡ᠃ ᠬᠠᠮᠲᠤᠷᠠᠯᠴᠠᠭᠠᠨ ᠤ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠢ ᠠᠷᠠᠯᠵᠢᠶ᠎ᠠ ᠵᠡᠷᠭᠡ ᠤᠯᠠᠮᠵᠢᠯᠠᠯᠲᠤ ᠬᠦᠷᠢᠶ᠎ᠡ ᠴᠠᠷᠠᠭᠠᠨ ᠳᠠᠬᠢ ᠬᠠᠮᠲᠤᠷᠠᠯᠴᠠᠭᠠᠨ ᠤ ᠰᠠᠶᠢᠨ ᠰᠠᠶᠢᠬᠠᠨ ᠬᠠᠨᠳᠤᠰᠢ ᠶᠢ ᠰᠠᠶᠢᠲᠤᠷ ᠪᠠᠬᠢᠵᠢᠭᠦᠯᠵᠦ᠂ ᠰᠠᠭᠤᠷᠢ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠲᠣᠣᠷ ᠰᠦᠯᠵᠢᠶ᠎ᠡ ᠶᠢ ᠪᠠᠶᠢᠭᠤᠯᠬᠤ ᠶᠢ ᠳᠡᠮᠵᠢᠵᠦ᠂ ᠬᠤᠰᠢᠭᠤᠷᠠᠯ ᠬᠦᠷᠢᠶ᠎ᠡ ᠴᠠᠷᠠᠭᠠᠨ ᠳᠠᠬᠢ ᠬᠠᠮᠲᠤᠷᠠᠯᠴᠠᠭᠠᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠪᠣᠭᠤᠮᠲᠠ ᠪᠣᠯᠣᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠨ᠎ᠠ᠃      ᠭᠤᠷᠪᠠ ᠳᠤ᠂ ᠦᠶ᠎ᠡ ᠶᠢᠨ ᠦᠶ᠎ᠡ ᠤᠯᠠᠮᠵᠢᠯᠠᠭᠰᠠᠨ ᠨᠥᠬᠦᠷᠯᠡᠯ ᠢᠶᠠᠷ ᠰᠠᠭᠤᠷᠢ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠷᠤᠰ ᠤᠨ ᠨᠥᠬᠦᠷᠯᠡᠯ ᠤᠨ ᠭᠠᠯ ᠪᠠᠮᠪᠠᠷ ᠢ ᠬᠠᠮᠲᠤ ᠪᠠᠷ ᠳᠠᠮᠵᠢᠭᠤᠯᠤᠨ᠎ᠠ᠃ ᠳᠤᠮᠳᠠᠳᠤ ᠣᠷᠣᠰ ᠬᠤᠶᠠᠷ ᠤᠯᠤᠰ ᠴᠥᠮ ᠥᠨᠢ ᠤᠳᠠᠭᠠᠨ ᠲᠡᠦᠬᠡ ᠪᠠ ᠭᠡᠷᠡᠯ ᠰᠠᠴᠤᠷᠠᠩᠭᠤᠢ ᠰᠣᠶᠣᠯ ᠲᠠᠢ ᠪᠠᠶᠢᠵᠤ᠂ ᠫᠦᠱᠺᠢᠨ᠂ ᠲᠤᠯᠰᠲ᠋ᠤᠢ ᠶᠢᠨ ᠪᠦᠲᠦᠭᠡᠯ ᠢ ᠳᠤᠮᠳᠠᠳᠤ ᠤᠯᠤᠰ ᠲᠤ ᠳᠠᠶᠠᠭᠠᠷ ᠢᠶᠠᠨ ᠮᠡᠳᠡᠳᠡᠭ᠂ ᠪᠡᠭᠡᠵᠢᠩ ᠵᠦᠴᠦᠭᠡ᠂ ᠨᠡᠷᠡᠬᠦᠢ ᠨᠢᠳᠤᠷᠭ᠎ᠠ ᠵᠡᠷᠭᠡ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠨᠢ ᠴᠦ ᠣᠷᠣᠰ ᠤᠨ ᠠᠷᠠᠳ ᠲᠦᠮᠡᠨ ᠤ ᠪᠠᠭ᠋ᠠᠷᠬᠠᠯ ᠢ ᠶᠡᠬᠡᠳᠡ ᠣᠯᠣᠭᠰᠠᠨ ᠶᠤᠮ᠃ ᠣᠳᠣᠬᠠᠨ ᠳᠤ ᠬᠤᠶᠠᠷ ᠲᠠᠯ᠎ᠠ ᠪᠠᠷ ᠢᠶᠠᠨ ︽2030 ᠣᠨ ᠠᠴᠠ ᠡᠮᠦᠨᠡᠬᠢ ᠳᠤᠮᠳᠠᠳᠤ ᠤᠷᠤᠰ ᠤᠨ ᠰᠣᠶᠣᠯ ᠢᠷᠭᠡᠨᠰᠢᠯ ᠤᠨ ᠬᠠᠮᠲᠤᠷᠠᠯᠴᠠᠭᠠᠨ ᠤ ᠵᠠᠮᠱᠤᠭᠤᠮ ᠤᠨ ᠵᠢᠷᠤᠭ︾ ᠢ ᠨᠠᠶᠢᠳᠠᠪᠤᠷᠢᠵᠢᠭᠤᠯᠬᠤ ᠪᠠᠷ ᠭᠤᠣᠯ ᠰᠢᠵᠢᠮ ᠪᠤᠯᠭᠠᠵᠤ᠂ ᠰᠣᠶᠣᠯ ᠢᠷᠭᠡᠨᠰᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠲᠠᠰᠤᠷᠠᠯᠳᠡ ᠦᠭᠡᠢ ᠥᠷᠭᠡᠳᠬᠡᠵᠦ ᠪᠠᠶᠢᠨ᠎ᠠ᠃ ᠪᠢ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠪᠠᠷ ᠡᠨᠡ ᠵᠢᠯ ᠪᠠ ᠢᠷᠡᠬᠦ ᠵᠢᠯ ᠢ ︽ᠳᠤᠮᠳᠠᠳᠤ ᠤᠷᠤᠰ ᠤᠨ ᠰᠣᠶᠣᠯ ᠤᠨ ᠣᠨ︾ ᠢᠶᠠᠷ ᠲᠣᠭᠲᠠᠭᠠᠵᠤ᠂ ᠬᠤᠶᠠᠷ ᠲᠠᠯ᠎ᠠ ᠪᠠᠷ ᠢᠶᠠᠨ ᠤᠯᠠᠨ ᠲᠦᠮᠡᠨ ᠲᠠᠢ ᠣᠶᠢᠷᠠᠲᠤᠭᠰᠠᠨ᠂ ᠠᠷᠠᠳ ᠤᠨ ᠰᠡᠳᠬᠢᠯ ᠢ ᠬᠤᠯᠪᠣᠭᠰᠠᠨ᠂ ᠬᠠᠯᠠᠭᠤᠨ ᠰᠡᠳᠬᠢᠯᠭᠡ ᠲᠠᠢ ᠠᠯᠢ ᠤᠯᠠᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠵᠦ᠂ ᠬᠤᠶᠠᠷ ᠤᠯᠤᠰ ᠤᠨ ᠨᠡᠶᠢᠭᠡᠮ ᠤᠨ ᠡᠯ᠎ᠡ ᠡᠲᠡᠭᠡᠳ᠂ ᠡᠯ᠎ᠡ ᠭᠠᠵᠠᠷ ᠤᠨ ᠬᠢᠨ ᠤ ᠶᠠᠪᠤᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠠᠷᠠᠳ ᠤᠨ ᠰᠡᠳᠬᠢᠯ ᠤᠨ ᠣᠶᠢᠯᠠᠭᠠᠯᠴᠠᠭ᠎ᠠ ᠨᠡᠪᠲᠡᠷᠡᠯᠴᠡᠭᠡ᠂ ᠳᠣᠲᠣᠨᠣᠰᠤᠭ ᠶᠠᠪᠤᠯᠴᠠᠭ᠎ᠠ ᠶᠢ ᠨᠡᠩ ᠰᠠᠶᠢᠲᠤᠷ ᠠᠬᠢᠭᠤᠯᠤᠨ᠎ᠠ᠃      ᠳᠥᠷᠪᠡ ᠳᠤ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠷ ᠲᠤᠯᠭᠠᠭᠤᠷᠢᠯᠠᠯ ᠪᠤᠯᠭᠠᠬᠤ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠵᠥᠪ ᠴᠢᠭᠯᠡᠯ ᠢ ᠬᠥᠲᠥᠯᠥᠨ ᠳᠠᠭᠠᠭᠤᠯᠤᠨ᠎ᠠ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯᠠᠲᠤ ᠲᠠᠪᠴᠠᠩ ᠳᠤ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠵᠢᠩᠬᠢᠨᠢ ᠤᠯᠠᠨ ᠲᠠᠯᠠᠲᠤ ᠦᠵᠡᠯ ᠢᠶᠠᠷ ᠳᠡᠯᠡᠬᠡᠢ ᠶᠢᠨ ᠤᠯᠠᠨ ᠲᠤᠶᠢᠯᠰᠢᠷᠠᠯᠲᠠ ᠪᠠ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠤᠨ᠎ᠠ᠃ ᠡᠨᠡ ᠵᠢᠯ ᠤᠷᠤᠰ ᠠᠯᠳᠠᠨ ᠲᠣᠭᠤᠰᠭ᠎ᠠ ᠤᠯᠤᠰ ᠤᠳ ᠤᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠨ᠎ᠡ᠂ ᠵᠢᠯ ᠤᠨ ᠳᠣᠲᠣᠷ᠎ᠠ ᠳᠤᠮᠳᠠᠳᠤ ᠶᠢᠨ ᠲᠠᠯ᠎ᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠭᠥᠯᠢᠶᠡᠨ ᠠᠪᠤᠨ᠎ᠠ᠂ ᠬᠤᠶᠠᠷ ᠲᠠᠯ᠎ᠠ ᠪᠠᠷ ᠢᠶᠠᠨ ᠲᠡᠷᠢᠭᠦᠯᠡᠭᠴᠢ ᠤᠯᠤᠰ ᠤᠨ ᠠᠵᠢᠯ ᠢᠶᠠᠨ ᠬᠠᠷᠢᠯᠴᠠᠨ ᠲᠡᠮᠵᠢᠵᠤ᠂ ᠨᠡᠩ ᠪᠦᠭᠦ ᠲᠠᠯ᠎ᠠ ᠶᠢᠨ᠂ ᠨᠠᠷᠢᠨ ᠨᠢᠭᠲᠠ᠂ ᠪᠣᠳᠠᠲᠠᠢ ᠶᠢ ᠡᠷᠬᠢᠮᠯᠡᠭᠰᠡᠨ᠂ ᠪᠠᠭᠲᠠᠭᠠᠮᠵᠢᠲᠠᠢ ᠴᠢᠨᠠᠷ ᠰᠠᠶᠢᠲᠠᠢ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ︾ ᠢ ᠪᠦᠯᠬᠦᠮᠳᠡᠭᠦᠯᠦᠨ ᠪᠤᠵᠠᠭᠠᠶᠢᠷᠠᠭᠤᠯᠤᠨ᠎ᠠ᠃      ᠲᠠᠪᠤ ᠳᠤ᠂ ᠲᠥᠪ ᠭᠤᠣᠯᠴᠢᠲᠠᠪᠤ ᠳᠤ᠂ ᠲᠥᠪ ᠭᠤᠣᠯᠴᠢ ᠰᠢᠳᠤᠷᠭᠤ ᠶᠣᠰᠣ ᠪᠠᠷ ᠵᠣᠷᠢᠯᠲᠠ ᠪᠤᠯᠭᠠᠬᠤ ᠶᠢ ᠪᠠᠷᠢᠮᠲᠠᠯᠠᠵᠤ᠂ ᠬᠠᠯᠠᠮᠰᠢᠯ ᠠᠰᠠᠭᠤᠳᠠᠯ ᠢ ᠤᠯᠤᠰ ᠲᠦᠷᠦ ᠪᠠᠷ ᠰᠢᠢᠳᠪᠦᠷᠢᠯᠡᠬᠦ ᠶᠢ ᠠᠬᠢᠭᠤᠯᠬᠤ ᠪᠠᠷ ᠴᠢᠷᠮᠠᠶᠢᠨ᠎ᠠ᠃ ᠣᠳᠣᠬᠠᠨ ᠤ ᠳᠡᠯᠡᠬᠡᠢ ᠶᠢᠷᠲᠢᠨᠴᠦ ᠳᠤ ᠬᠦᠢᠲᠡᠨ ᠲᠠᠶᠢᠨ ᠤ ᠰᠡᠳᠬᠢᠬᠦᠢ ᠰᠠᠷᠨᠢᠭ᠎ᠠ ᠦᠭᠡᠢ ᠪᠠᠶᠢᠵᠤ᠂ ᠭᠠᠭᠴᠠ ᠲᠠᠯ᠎ᠠ ᠪᠠᠷ ᠢᠶᠠᠨ ᠡᠵᠡᠷᠬᠡᠭᠴᠢ ᠪᠤᠯᠬᠤ᠂ ᠯᠡᠭᠧᠷ ᠤᠨ ᠡᠰᠡᠷᠭᠦᠴᠡᠯᠳᠦᠯ᠂ ᠬᠦᠴᠦᠷᠬᠡᠭᠯᠡᠯ ᠤᠨ ᠤᠯᠤᠰ ᠲᠦᠷᠦ ᠨᠢ ᠳᠡᠯᠡᠬᠡᠢ ᠶᠢᠨ ᠡᠩᠬᠡ ᠲᠠᠶᠢᠪᠤᠩ ᠪᠠ ᠡᠯ᠎ᠡ ᠤᠯᠤᠰ ᠤᠨ ᠠᠮᠤᠷ ᠲᠦᠪᠰᠢᠨ ᠢ ᠰᠦᠷᠳᠡᠭᠦᠯᠵᠦ ᠪᠠᠶᠢᠨ᠎ᠠ᠃ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠤ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠲᠤᠯᠭᠠᠮ ᠪᠣᠯᠣᠭᠠᠳ ᠪᠠᠶᠢᠨ᠎ᠠ ᠭᠡᠵᠦ ᠪᠢ ᠶᠡᠷᠦᠩᠬᠡᠶᠢᠯᠡᠭᠴᠢ ᠫᠦᠲ᠋ᠢᠨ ᠲᠠᠢ ᠰᠠᠨᠠᠯ ᠨᠢᠭᠡᠲᠡᠢ ᠦᠵᠡᠪᠡ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠢᠢᠳᠪᠦᠷᠢ ᠶᠢ ᠦᠨᠡᠨ ᠬᠦ ᠬᠡᠷᠡᠭᠵᠢᠭᠦᠯᠵᠦ᠂ ︽ᠬᠤᠶᠠᠷ ᠤᠯᠤᠰ ᠤᠨ ᠲᠥᠰᠥᠯ︾ ᠢᠶᠠᠷ ᠰᠠᠭᠤᠷᠢ ᠪᠣᠯᠭᠠᠨ ᠫᠠᠯᠧᠰᠲ᠋ᠠᠶᠢᠨ ᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠦᠺᠷᠠᠶᠢᠨ ᠤ ᠬᠢᠮᠤᠷᠠᠯ ᠢ ᠤᠯᠤᠰ ᠲᠥᠷᠥ ᠪᠠᠷ ᠰᠢᠢᠳᠪᠦᠷᠢᠯᠡᠬᠦ ᠪᠣᠯ ᠵᠥᠪ ᠴᠢᠭᠯᠡᠯ ᠮᠥᠨ ᠭᠡᠵᠦ ᠬᠤᠶᠠᠷ ᠲᠠᠯ᠎ᠠ ᠪᠠᠷ ᠢᠶᠠᠨ ᠰᠠᠨᠠᠯ ᠨᠢᠭᠡᠲᠡᠢ ᠦᠵᠡᠵᠦ ᠪᠠᠶᠢᠨ᠎ᠠ᠃ ᠳᠤᠮᠳᠠᠳᠤ ᠤᠯᠤᠰ ᠤᠨ ᠡᠨᠡ ᠬᠦ ᠠᠰᠠᠭᠤᠳᠠᠯ ᠳᠡᠭᠡᠷᠡᠬᠢ ᠵᠣᠭᠰᠣᠯᠲᠠ ᠪᠣᠯ ᠢᠮᠠᠭᠲᠠ ᠶᠢᠨ ᠪᠥᠭᠡᠳ ᠲᠣᠳᠣᠷᠬᠠᠢ ᠶᠤᠮ᠂ ᠡᠭᠦᠨ ᠳᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠵᠢᠷᠤᠮᠯᠠᠬᠤ᠂ ᠡᠯ᠎ᠡ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠦᠨᠳᠦᠳᠬᠡᠬᠦ᠂ ᠡᠯ᠎ᠡ ᠲᠠᠯ᠎ᠠ ᠶᠢᠨ ᠬᠢᠨ ᠤ ᠠᠮᠤᠷ ᠲᠦᠪᠰᠢᠨ ᠤ ᠲᠤᠬᠠᠢ ᠵᠦᠢ ᠶᠣᠰᠣᠨ ᠤ ᠠᠩᠬᠠᠷᠤᠯ ᠢ ᠬᠦᠨᠳᠦᠳᠬᠡᠬᠦ᠂ ᠲᠡᠩᠴᠡᠭᠦᠷᠢᠲᠡᠢ᠂ ᠪᠦᠲᠦᠮᠵᠢᠲᠡᠢ᠂ ᠦᠷᠭᠦᠯᠵᠢᠯᠡᠬᠦ ᠰᠢᠨ᠎ᠡ ᠮᠠᠶ᠋ᠢᠭ ᠤᠨ ᠠᠮᠤᠷ ᠲᠦᠪᠰᠢᠨ ᠤ ᠪᠣᠷᠣ ᠲᠥᠯᠥᠪ ᠢ ᠪᠠᠶᠢᠭᠤᠯᠬᠤ ᠵᠡᠷᠭᠡ ᠶᠢ ᠪᠠᠭᠲᠠᠭᠠᠨ᠎ᠠ᠃ ᠳᠤᠮᠳᠠᠳᠤ ᠤᠯᠤᠰ ᠡᠸᠦ᠋ᠷᠦᠫᠡ ᠲᠢᠪ ᠤᠨ ᠡᠬᠡ ᠬᠠᠭᠤᠷᠠᠢ ᠡᠷᠲᠡᠬᠡᠨ ᠡᠩᠬᠡ ᠲᠠᠶᠢᠪᠤᠩ ᠲᠣᠭᠲᠠᠭᠤᠨ ᠪᠠᠶᠢᠳᠠᠯ ᠢᠶᠠᠨ ᠰᠡᠷᠭᠦᠭᠡᠬᠦ ᠶᠢ ᠬᠦᠰᠡᠵᠦ ᠪᠠᠶᠢᠨ᠎ᠠ᠂ ᠳᠤᠷᠠᠲᠠᠶ᠎ᠠ ᠡᠭᠦᠨ ᠤ ᠲᠥᠯᠥᠭᠡ ᠦᠷᠭᠦᠯᠵᠢᠯᠡᠨ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ ᠭᠡᠵᠦ ᠴᠢᠬᠤᠯᠠᠴᠢᠯᠠᠪᠠ᠃      ᠰᠢ ᠶᠢᠨ ᠫᠢᠩ᠂ ᠤᠯᠠᠨ ᠤ ᠬᠦᠴᠦᠨ ᠳᠤ ᠣᠪᠣᠭ᠎ᠠ ᠪᠣᠰᠣᠨ᠎ᠠ᠂ ᠲᠤᠰᠤᠯ ᠬᠤᠷᠠᠮᠳᠤᠵᠤ ᠲᠠᠯᠠᠢ ᠪᠣᠯᠣᠨ᠎ᠠ᠃ 75 ᠵᠢᠯ ᠤᠨ ᠪᠠᠲᠤ ᠪᠠᠬᠢ ᠬᠤᠷᠠᠮᠳᠤᠭᠤᠯᠤᠯ ᠢᠶᠠᠷ ᠳᠡᠮᠵᠢᠨ ᠳᠤᠮᠳᠠᠳᠤ ᠣᠷᠣᠰ ᠬᠤᠶᠠᠷ ᠤᠯᠤᠰ ᠤᠨ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠪᠠ ᠪᠦᠭᠦ ᠲᠠᠯ᠎ᠠ ᠶᠢᠨ ᠬᠠᠮᠲᠤᠷᠠᠯᠴᠠᠭ᠎ᠠ ᠨᠢ ᠨᠢᠭᠡᠨᠲᠡ ᠬᠤᠶᠠᠷ ᠲᠠᠯ᠎ᠠ ᠶᠢᠨ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠲᠠᠰᠤᠷᠠᠯᠲᠠ ᠦᠭᠡᠢ ᠤᠷᠤᠭᠰᠢᠯᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠵᠤ ᠪᠦᠷᠢᠯᠳᠦᠪᠡ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠷᠤᠰ ᠬᠤᠶᠠᠷ ᠲᠠᠯ᠎ᠠ ᠪᠠᠷ ᠢᠶᠠᠨ ᠢᠮᠠᠭᠲᠠ ᠤᠭ ᠰᠠᠨᠠᠭ᠎ᠠ ᠪᠠᠨ ᠪᠠᠲᠤ ᠰᠠᠬᠢᠵᠤ᠂ ᠬᠦᠴᠦ ᠪᠠᠨ ᠬᠠᠮᠲᠤᠳᠬᠠᠨ ᠬᠠᠷᠢᠭᠤᠴᠠᠯᠭ᠎ᠠ ᠡᠭᠦᠷᠭᠡᠯᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠳᠡᠯᠡᠬᠡᠢ ᠶᠢᠨ ᠠᠮᠤᠷ ᠲᠦᠪᠰᠢᠨ ᠲᠣᠭᠲᠠᠭᠤᠨ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠵᠢᠭᠠᠵᠤ ᠭᠠᠷᠭᠠᠪᠠ᠃      ᠫᠦᠲ᠋ᠢᠨ᠂ ᠨᠢᠳᠤᠨᠤᠨ ᠲᠡᠷᠢᠭᠦᠯᠡᠭᠴᠢ ᠰᠢ ᠶᠢᠨ ᠫᠢᠩ ᠦᠷᠭᠦᠯᠵᠢᠯᠡᠨ ᠲᠤᠰᠢᠶᠠᠯ ᠡᠭᠦᠷᠭᠡᠯᠡᠭᠡᠳ ᠤᠳᠠᠭᠰᠠᠨ ᠦᠭᠡᠢ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠪᠠᠶᠢᠨ᠎ᠠ᠂ ᠪᠢ ᠡᠨᠡ ᠤᠳᠠᠭ᠎ᠠ ᠦᠷᠭᠦᠯᠵᠢᠯᠡᠨ ᠲᠤᠰᠢᠶᠠᠯ ᠡᠭᠦᠷᠭᠡᠯᠡᠭᠰᠡᠨ ᠤ ᠲᠠᠷᠠᠭ᠎ᠠ ᠳᠤᠮᠳᠠᠳᠤ ᠤᠯᠤᠰ ᠢ ᠠᠩᠬ᠎ᠠ ᠤᠳᠠᠭ᠎ᠠ ᠠᠶᠢᠯᠴᠢᠯᠠᠯᠲᠠ ᠬᠢᠬᠦ ᠤᠯᠤᠰ ᠪᠤᠯᠭᠠᠬᠰᠠᠨ ᠨᠢ ᠤᠷᠤᠰ ᠳᠤᠮᠳᠠᠳᠤ ᠶᠢᠨ ᠬᠠᠷᠢᠯᠴᠠᠭ᠎ᠠ ᠶᠢᠨ ᠣᠨᠴᠠᠭᠠᠢ ᠴᠢᠨᠠᠷ ᠪᠣᠯᠣᠨ ᠥᠨᠳᠥᠷ ᠲᠦᠪᠰᠢᠨ ᠵᠢᠴᠢ ᠤᠷᠤᠰ ᠳᠤᠮᠳᠠᠳᠤ ᠬᠤᠶᠠᠷ ᠲᠠᠯ᠎ᠠ ᠪᠠᠷ ᠢᠶᠠᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠳᠠᠬᠢᠨᠲᠠ ᠢᠯᠡᠳᠬᠡᠪᠡ᠃ ᠤᠷᠤᠰ ᠳᠤᠮᠳᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢ ᠬᠤᠶᠠᠷ ᠤᠯᠤᠰ ᠤᠨ ᠬᠠᠷᠢᠯᠴᠠᠭ᠎ᠠ ᠨᠢᠭᠡᠨᠲᠡ ᠲᠣᠮᠣ ᠤᠯᠤᠰ᠂ ᠬᠥᠷᠰᠢ ᠤᠯᠤᠰ ᠤᠨ ᠬᠠᠨᠢᠲᠠᠨ ᠤ ᠬᠠᠷᠢᠯᠴᠠᠭ᠎ᠠ ᠪᠠᠨ ᠬᠥᠭᠵᠢᠭᠦᠯᠬᠦ ᠬᠡᠪ ᠳᠠᠭᠤᠷᠢᠶᠠᠯ ᠪᠣᠯᠵᠤ᠂ ᠬᠤᠶᠠᠷ ᠤᠯᠤᠰ ᠤᠨ ᠬᠠᠮᠲᠤᠷᠠᠯᠴᠠᠭᠠᠨ ᠤ ᠠᠭᠤᠯᠭ᠎ᠠ ᠪᠠᠶᠠᠯᠢᠭ᠂ ᠦᠷ᠎ᠡ ᠪᠦᠲᠦᠭᠡᠯ ᠡᠯᠪᠡᠭ ᠪᠣᠯᠵᠠᠢ᠃ ᠪᠢ ᠲᠡᠷᠢᠭᠦᠯᠡᠭᠴᠢ ᠰᠢ ᠶᠢᠨ ᠫᠢᠩ ᠲᠠᠢ ᠨᠢᠭᠲᠠ ᠣᠯᠣᠯᠴᠠᠭ᠎ᠠ ᠪᠠ ᠰᠠᠶᠢᠨ ᠰᠠᠶᠢᠬᠠᠨ ᠬᠠᠷᠢᠯᠴᠠᠭ᠎ᠠ ᠪᠠᠨ ᠪᠠᠲᠤᠯᠠᠵᠤ᠂ ᠮᠠᠨ ᠤ ᠬᠤᠶᠠᠷ ᠲᠠᠯ᠎ᠠ ᠪᠠᠷ ᠢᠶᠠᠨ ᠤᠷᠤᠰ ᠳᠤᠮᠳᠠᠳᠤ ᠶᠢᠨ ᠬᠠᠷᠢᠯᠴᠠᠭᠠᠨ ᠤ ᠣᠳᠣᠬᠢ ᠪᠠᠶᠢᠳᠠᠯ ᠳᠤ ᠰᠡᠳᠬᠢᠯ ᠬᠠᠨᠤᠮᠵᠢᠲᠠᠢ ᠪᠠᠶᠢᠬᠤ ᠪᠠᠨ ᠢᠯᠡᠳᠬᠡᠵᠦ᠂ ᠢᠷᠡᠭᠡᠳᠦᠢ ᠶᠢᠨ ᠬᠠᠮᠲᠤᠷᠠᠯᠴᠠᠭ᠎ᠠ ᠳᠤ ᠢᠲᠡᠭᠡᠯ ᠳᠦᠭᠦᠷᠡᠩ ᠪᠠᠶᠢᠨ᠎ᠠ᠃ ᠤᠷᠤᠰ ᠤᠨ ᠲᠠᠯ᠎ᠠ ᠶᠢᠨ ᠬᠢᠨ ᠳᠤᠮᠳᠠᠳᠤ ᠤᠯᠤᠰ ᠢ ᠤᠷᠳᠤ ᠬᠤᠭᠤᠴᠠᠭᠠᠨ ᠤ ᠨᠠᠶᠢᠳᠠᠪᠤᠷᠢᠲᠠᠢ ᠬᠠᠮᠲᠤᠷᠠᠯᠴᠠᠭᠠᠨ ᠤ ᠬᠠᠨᠢᠲᠠᠨ ᠢᠶᠠᠨ ᠪᠤᠯᠭᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠤᠰ ᠲᠦᠷᠦ᠂ ᠠᠵᠤ ᠠᠬᠤᠢ᠂ ᠰᠣᠶᠣᠯ᠂ ᠰᠤᠷᠭᠠᠨ ᠬᠥᠮᠦᠵᠢᠯ᠂ᠠᠮᠤᠷ ᠲᠦᠪᠰᠢᠨ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠭᠡᠳᠬᠡᠵᠦ᠂ ︽ᠤᠷᠤᠰ ᠳᠤᠮᠳᠠᠳᠤ ᠶᠢᠨ ᠰᠣᠶᠣᠯ ᠤᠨ ᠣᠨ︾ ᠢ ᠰᠠᠶᠢᠲᠤᠷ ᠡᠷᠭᠢᠯᠡᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠤᠷᠤᠰ ᠳᠤᠮᠳᠠᠳᠤ ᠤᠯᠠᠨ ᠤᠯᠤᠰ ᠤᠨ ᠲᠠᠪᠴᠠᠩ ᠳᠡᠭᠡᠷ᠎ᠡ ᠨᠢᠭᠲᠠ ᠬᠠᠮᠵᠢᠯᠴᠠᠭ᠎ᠠ ᠪᠠᠨ ᠪᠠᠲᠤᠯᠠᠵᠤ᠂ ᠨᠡᠩ ᠠᠷᠠᠳᠴᠢᠯᠠᠯ ᠲᠠᠢ ᠤᠯᠠᠨ ᠲᠦᠢᠯᠵᠢᠭ᠌ᠰᠠᠨ ᠳᠡᠯᠡᠬᠡᠢ ᠶᠢᠨ ᠡᠮᠬᠢ ᠳᠢᠭᠯᠢᠮ ᠢ ᠪᠠᠶᠢᠭᠤᠯᠬᠤ ᠪᠠᠷ ᠬᠠᠮᠲᠤ ᠪᠠᠷ ᠴᠢᠷᠮᠠᠶᠢᠵᠤ᠂ ᠳᠤᠷᠠᠲᠠᠶ᠎ᠠ ᠠᠯᠳᠠᠨ ᠲᠣᠭᠤᠰᠭ᠎ᠠ ᠤᠯᠤᠰ ᠤᠳ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠪᠣᠷᠣ ᠲᠥᠯᠥᠪ ᠤᠨ ᠳᠣᠲᠣᠷᠠᠬᠢ ᠬᠠᠮᠲᠤᠷᠠᠯᠴᠠᠭ᠎ᠠ ᠵᠢᠴᠢ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠢ ᠣᠯᠣᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ᠃ ᠼᠠᠢ ᠴᠢ᠂ ᠳ᠋ᠢᠩ ᠰᠢᠤᠸᠠᠢ ᠰᠢᠶᠠᠩ᠂ ᠸᠠᠩ ᠢ᠂ ᠾᠧ ᠯᠢ ᠹᠧᠩ᠂ ᠵᠠᠩ ᠭᠦᠸᠧ ᠴᠢᠩ᠂ ᠱᠧᠨ ᠢ ᠴᠢᠨ ᠨᠠᠷ ᠣᠷᠣᠯᠴᠠᠪᠠ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号