ᠪᠥᠬᠦ ᠠᠶᠢᠮᠠᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/22
      5 ᠰᠠᠷ᠎ᠠ ᠶᠢᠨ 14 ᠤ ᠡᠳᠦᠷ᠂ ᠮᠠᠨ ᠤ ᠠᠶᠢᠮᠠᠭ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤᠨ ᠤ ᠦᠵᠡᠯ ᠰᠠᠨᠠᠭ᠎ᠠ ᠪᠠᠨ ᠨᠢᠭᠡᠳᠬᠡᠨ᠂ ᠴᠤᠭ ᠰᠦᠯᠳᠡ ᠪᠠᠨ ᠪᠠᠳᠠᠷᠠᠭᠤᠯᠵᠤ᠂ ᠴᠢᠩᠭ᠎ᠠ ᠠᠳᠬᠤᠨ ᠠᠵᠢᠯᠯᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠶᠢ ᠠᠬᠢᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ ᠢ ᠡᠷᠭᠢᠯᠡᠪᠡ᠃        ᠬᠤᠷᠠᠯ ᠠᠴᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠣᠯ ᠨᠢᠭᠡ ᠭᠠᠵᠠᠷ ᠣᠷᠣᠨ ᠤ ᠶᠡᠷᠦᠩᠬᠡᠶᠢᠯᠡᠭᠰᠡᠨ ᠬᠦᠴᠦᠨ᠂ ᠬᠤᠲᠠ ᠶᠢᠨ ᠳᠡᠰ᠂ ᠪᠣᠯᠪᠠᠰᠤᠨ ᠤ ᠬᠡᠮᠵᠢᠶ᠎ᠡ ᠪᠠ ᠡᠷᠡᠭᠦᠯ ᠮᠡᠨᠳᠦ ᠶᠢᠨ ᠲᠦᠪᠰᠢᠨ ᠤ ᠲᠥᠪᠯᠡᠷᠡᠩᠭᠦᠶ ᠢᠯᠡᠷᠡᠯ ᠪᠠ ᠴᠢᠬᠤᠯᠠ ᠪᠡᠯᠭᠡ ᠲᠡᠮᠳᠡᠭ ᠮᠥᠨ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ᠂ ᠣᠷᠣᠨ ᠨᠤᠲᠤᠭ ᠤᠨ ᠲᠦᠷᠢ ᠲᠥᠷᠬᠦ ᠶᠢ ᠳᠡᠭᠡᠭᠰᠢᠯᠡᠭᠦᠯᠬᠦ ᠦᠨᠳᠦᠷᠴᠡ ᠠᠴᠠ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠦᠷᠭᠡᠨ ᠬᠥᠳᠡᠯᠦᠯᠴᠡᠵᠦ᠂ ᠢᠳᠡᠪᠬᠢᠲᠡᠢ ᠣᠷᠣᠯᠴᠠᠵᠤ᠂ ᠡᠷᠴᠢ ᠵᠣᠷᠢᠭ ᠢᠶᠠᠨ ᠬᠥᠪᠴᠢᠯᠡᠵᠦ᠂ ᠦᠨᠡᠨ ᠬᠦ ᠠᠳᠬᠤᠨ ᠠᠵᠢᠯᠯᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠡᠨᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠤᠯᠬᠤ ᠬᠡᠷᠡᠭᠲᠡᠢ ᠭᠡᠪᠡ᠃         ᠬᠤᠷᠠᠯ ᠠᠴᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠯᠤᠰ ᠤᠨ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠴᠢᠩᠭ᠎ᠠ ᠬᠠᠷᠭᠤᠭᠤᠯᠵᠤ᠂ ᠭᠤᠣᠯᠳᠠᠯᠭ᠎ᠠ ᠲᠠᠢ ᠭᠤᠭᠴᠤᠭ᠎ᠠ ᠪᠣᠯᠤᠨ ᠵᠠᠩᠭᠢᠯᠠᠭ᠎ᠠ ᠶᠢᠨ ᠬᠦᠷᠢᠶ᠎ᠡ ᠶᠢ ᠴᠢᠩᠭ᠎ᠠ ᠠᠩᠬᠠᠷᠴᠤ᠂ ︽ᠪᠤᠵᠠᠷ᠂ ᠡᠮᠬᠢ ᠵᠠᠮᠪᠠᠷᠠᠭ᠎ᠠ ᠦᠭᠡᠢ᠂ ᠪᠠᠷᠤᠭᠲᠠᠢ᠂ ᠬᠠᠮᠢᠶᠠᠷᠬᠤ︾ ᠵᠡᠷᠭᠡ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠩᠬᠠᠷᠴᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯ ᠬᠤᠳᠠ ᠪᠠᠯᠭᠠᠰᠤ ᠶᠢ ᠴᠡᠪᠡᠷᠰᠢᠭᠦᠯᠬᠦ ᠪᠠᠷ ᠬᠦᠴᠦᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠢᠵᠢ ᠪᠦᠷᠢᠳᠦᠭᠰᠡᠨ ᠲᠥᠬᠦᠭᠡᠷᠦᠮᠵᠢ ᠶᠢ ᠲᠥᠯᠥᠪᠵᠢᠭᠦᠯᠦᠨ ᠲᠡᠭᠦᠯᠳᠡᠷᠵᠢᠭᠦᠯᠵᠦ᠂ ᠬᠤᠳᠠ ᠶᠢᠨ ᠳᠦᠷᠢ ᠳᠥᠷᠬᠦ ᠡᠮᠬᠢ ᠳᠢᠭᠯᠢᠮ ᠢ ᠦᠨᠡᠨᠬᠦ ᠵᠢᠷᠤᠮᠵᠢᠭᠤᠯᠵᠤ᠂ ᠡᠷᠡᠭᠦᠯ ᠮᠡᠨᠳᠦ ᠶᠢᠨ ᠬᠥᠮᠦᠵᠢᠯ ᠪᠣᠯᠤᠨ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠰᠠᠭᠤᠭᠠᠯᠢ ᠠᠷᠠᠳ ᠤᠨ ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠤᠳᠠ ᠶᠢᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠠᠷᠠᠭᠤᠯ ᠠᠭᠤᠳᠠᠮ᠂ ᠴᠡᠪᠡᠷ ᠲᠡᠭᠰᠢ ᠬᠤᠳᠠ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠣᠢ ᠪᠣᠯᠭᠠᠬᠤ ᠬᠡᠷᠡᠭᠲᠡᠢ᠃ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠡᠭᠡ ᠲᠠᠯ᠎ᠠ ᠶᠢᠨ ᠤᠬᠠᠮᠰᠠᠷ ᠪᠠ ︽ᠨᠢᠭᠡ ᠬᠥᠯᠭᠡ ᠰᠢᠳᠠᠷ᠎ᠠ︾  ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠨᠢᠭᠡᠳᠭᠡᠵᠦ᠂ ᠤᠳᠤᠷᠢᠳᠤᠯᠭ᠎ᠠ ᠬᠡᠰᠡᠭ ᠢᠶᠠᠷ ᠳᠠᠭᠠᠭᠠᠴᠢᠯᠠᠬᠤ᠂ ᠰᠢᠮᠳᠠᠭᠤᠯᠤᠨ ᠵᠢᠯᠣᠭᠤᠳᠬᠤ᠂ ᠬᠢᠨᠠᠨ ᠰᠢᠯᠭᠠᠵᠤ ᠤᠷᠮᠠᠰᠢᠭᠤᠯᠬᠤ ᠵᠡᠷᠭᠡ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠢᠳᠪᠦᠷᠢᠯᠡᠬᠦ ᠶᠢ ᠠᠬᠢᠭᠤᠯᠵᠤ᠂ ᠲᠡᠷᠢᠭᠦᠨ ᠤ ᠲᠤᠷᠰᠢᠯᠭ᠎ᠠ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠨ ᠲᠤᠯᠢᠳᠠᠵᠤ᠂ ᠰᠢᠯᠢᠳᠡᠭ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号