| | 5 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ | ᠡᠷᠭᠢᠯᠡᠨ ᠬᠤᠷᠠᠯᠳᠤᠭᠤᠯᠪᠠ᠃ | ᠬᠤᠷᠠᠯ ᠠᠴᠠ ︽ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠣᠯᠣᠨ | ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ︾ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠷᠦᠯ ᠵᠦᠢᠯ ᠢ | ᠮᠡᠳᠡᠭᠦᠯᠦᠨ ᠬᠦᠷᠭᠡᠬᠦ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠲᠦᠷᠦ ᠶᠢᠨ ᠪᠣᠳᠣᠯᠭ᠎ᠠ ᠶᠢᠨ ᠵᠢᠯᠣᠭᠤᠳᠤᠯᠭ᠎ᠠ | ᠪᠣᠯᠪᠠᠰᠤᠷᠠᠯ ᠢ ᠴᠢᠩᠭᠠᠳᠬᠠᠵᠤ᠂ ᠲᠦᠷᠦᠯ ᠵᠦᠢᠯ ᠤᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ | ︽ ᠰᠠᠭᠠᠳ ᠦᠭᠡᠢ ᠨᠡᠪᠲᠡᠷᠡᠬᠦ ᠵᠠᠮ ︾ ᠢ ᠪᠠᠶᠢᠭᠤᠯᠵᠤ ᠡᠮᠦᠨᠡᠬᠢ ᠬᠤᠭᠤᠴᠠᠭᠠᠨ ᠤ ᠠᠵᠢᠯ ᠢ ᠱᠠᠯᠠᠪᠳᠠᠭᠤᠯᠵᠤ᠂ | ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠡᠷᠲᠡᠬᠡᠨ ᠠᠵᠢᠯ ᠡᠬᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠢᠷᠡᠬᠦ ᠵᠢᠯ ᠤᠨ ᠲᠦᠷᠦᠯ ᠵᠦᠢᠯ ᠢ ᠡᠷᠲᠡᠬᠡᠨ ᠲᠥᠯᠥᠪᠵᠢᠭᠦᠯᠦᠨ ᠨᠥᠭᠡᠴᠡᠯᠡᠵᠦ᠂ ᠤᠯᠤᠰ ᠤᠨ ᠲᠠᠪᠴᠠᠩ ᠳᠤ ᠨᠡᠩ | ᠤᠯᠠᠨ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠵᠦ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ | ᠪᠦᠭᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠶᠢᠨ ᠲᠠᠯ᠎ᠠ ᠠᠴᠠ ᠵᠥᠷᠢᠶ᠎ᠡ ᠪᠠᠨ | ᠡᠷᠢᠵᠦ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠲᠣᠭᠲᠠᠭᠠᠵᠤ᠂ ᠲᠤᠰᠬᠠᠢ ᠴᠡᠭᠴᠡᠯᠡᠨ ᠰᠠᠶᠢᠵᠢᠷᠠᠭᠤᠯᠬᠤ ᠶᠢ | ᠠᠬᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠲᠠᠢ ᠤᠶᠠᠯᠳᠤᠭᠤᠯᠤᠨ᠂ | ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠳᠠᠬᠢ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠬᠤᠳᠠ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠰᠢᠨᠡᠳᠬᠡᠨ ᠥᠭᠡᠷᠡᠴᠢᠯᠡᠬᠦ | ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠤᠯᠠᠭᠠᠯᠠᠭ᠎ᠠ ᠶᠢᠨ ᠢᠨᠵᠧᠨᠧᠷᠢᠩ ᠲᠠᠢ | ᠤᠶᠠᠯᠳᠤᠭᠤᠯᠤᠨ ᠠᠬᠢᠭᠤᠯᠵᠤ᠂ ᠶᠠᠰᠤ ᠴᠢᠨᠠᠷ ᠢ ᠮᠥᠷᠳᠡᠬᠦ᠂ ᠪᠠᠷᠢᠯᠭ᠎ᠠ ᠶᠢᠨ ᠠᠵᠢᠯ ᠢ ᠬᠠᠮᠢᠶᠠᠷᠬᠤ᠂ ᠵᠢᠭᠠᠨ | ᠵᠢᠯᠤᠭᠤᠳᠴᠤ ᠱᠠᠯᠠᠪᠳᠠᠭᠤᠯᠤᠨ ᠭᠦᠢᠴᠡᠳᠬᠡᠬᠦ ᠲᠣᠭᠲᠠᠴᠠ ᠶᠢ ᠪᠠᠶᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠢ ᠣᠨᠣᠴᠠᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠣᠯᠠᠨ ᠲᠠᠰ ᠳᠠᠪᠬᠤᠷᠭ᠎ᠠ ᠣᠯᠠᠨ ᠲᠤᠯᠭᠠᠭᠤᠷᠢᠯᠠᠯ ᠪᠦᠬᠦᠢ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠰᠢᠰᠲ᠋ᠧᠮ ᠢ ᠪᠠᠶᠢᠭᠤᠯᠬᠤ ᠰᠠᠨᠠᠯ ᠢ ᠬᠢᠨᠠᠨ ᠵᠥᠪᠯᠡᠵᠦ ᠪᠠᠲᠤᠯᠠᠨ᠂ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠠᠷᠭ᠎ᠠ ᠬᠡᠮᠵᠢᠶ᠎ᠡ ᠪᠠᠨ ︽ ᠡᠴᠦᠰ ᠤᠨ ᠨᠢᠭᠡ ᠮᠧᠲᠷ ︾ ᠭᠦᠷᠲᠡᠯ᠎ᠡ ᠨᠠᠶᠢᠳᠠᠪᠤᠷᠢᠵᠢᠭᠤᠯᠬᠤ ᠶᠢᠨ | ᠵᠡᠷᠭᠡ ᠪᠠᠷ ᠪᠤᠭᠤᠷᠤᠯᠴᠤᠳ ᠤᠨ ᠠᠵᠤ ᠠᠬᠤᠢ ᠶᠢ ᠰᠠᠶᠢᠲᠤᠷ ᠬᠥᠭᠵᠢᠭᠦᠯᠵᠦ᠂ ᠨᠠᠰᠤᠲᠠᠶᠢᠴᠤᠳ ᠲᠤ ᠡᠮᠴᠢᠯᠡᠭᠡ | ᠡᠷᠡᠭᠦᠯᠵᠢᠯ ᠰᠤᠪᠢᠯᠠᠯᠲᠠ ᠠᠴᠠ ᠨᠡᠶᠢᠭᠡᠮ ᠤᠨ ᠬᠠᠷᠢᠯᠴᠠᠭ᠎ᠠ ᠵᠤᠭ᠎ᠠ ᠴᠡᠩᠭᠡᠯ ᠤᠨ ᠪᠦᠭᠦ ᠲᠠᠯ᠎ᠠ ᠬᠦᠷᠲᠡᠯᠡᠬᠢ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠢᠨᠠᠨ ᠵᠥᠪᠯᠡᠵᠦ ᠪᠠᠲᠤᠯᠠᠨ᠂ ᠪᠠᠶᠢᠷᠢᠰᠢᠭᠤᠯᠤᠯᠲᠠ ᠶᠢ ᠪᠦᠭᠦ | ᠣᠷᠣᠨ ᠳᠤ ᠨᠢᠭᠡᠳᠦᠯᠲᠡᠢ ᠲᠥᠯᠥᠪᠵᠢᠭᠦᠯᠬᠦ᠂ ᠡᠯᠧᠮᠧᠨ᠋ᠲ ᠢ ᠪᠦᠭᠦ ᠲᠠᠯ᠎ᠠ ᠪᠠᠷ ᠪᠠᠲᠤᠯᠠᠬᠤ ᠶᠢ ᠪᠡᠶᠡᠯᠡᠭᠦᠯᠵᠦ᠂ | ᠳᠠᠭᠠᠭᠤᠯᠤᠭᠴᠢ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠢᠶᠠᠷ ᠬᠥᠭᠵᠢᠯᠲᠡ ᠶᠢ ᠬᠥᠲᠥᠯᠥᠨ ᠳᠠᠭᠠᠭᠤᠯᠬᠤ᠂ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ | ᠴᠢᠬᠤᠯᠠᠴᠢᠯᠠᠵᠤ᠂ ᠤᠰᠤᠲᠥ᠋ᠷᠥᠭᠴᠢ ᠶᠢᠨ ᠲᠣᠨᠣᠭᠯᠠᠯ ᠦᠢᠯᠡᠳᠬᠦ ᠦᠢᠯᠡᠰ ᠤᠨ ᠲᠦᠷᠭᠡᠨ ᠬᠥᠭᠵᠢᠯᠲᠡ ᠶᠢ ᠵᠡᠷᠭᠡ ᠪᠠᠷ | ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠤᠳᠤᠷᠢᠳᠬᠤ ᠪᠠᠭ ᠵᠢᠴᠢ | ᠲᠡᠭᠦᠨ ᠤ ᠪᠦᠷᠢᠯᠳᠦᠭᠦᠨ ᠤ ᠡᠮ ᠤᠨ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ | ᠲᠣᠭᠲᠠᠭᠠᠯ᠂ ᠵᠠᠰᠠᠭ ᠤᠨ ᠶᠠᠪᠤᠳᠠᠯ ᠢ ᠢᠯᠡ ᠪᠤᠯᠭᠠᠬᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠵᠤ᠂ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ᠂ ᠡᠷᠬᠡ ᠣᠯᠭᠤᠭᠰᠠᠨ | ᠡᠵᠡᠩᠨᠡᠯᠲᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠪᠣᠯᠣᠨ ᠭᠦᠨ ᠤᠬᠠᠭᠠᠨ ᠨᠡᠶᠢᠭᠡᠮ ᠤᠨ ᠰᠢᠨᠵᠢᠯᠡᠬᠦ | ᠤᠬᠠᠭᠠᠨ ᠤ ᠱᠠᠩᠨᠠᠯ ᠢ ᠰᠢᠯᠭᠠᠷᠠᠭᠤᠯᠤᠨ ᠱᠠᠩᠨᠠᠬᠤ ᠠᠷᠭ᠎ᠠ ᠶᠢ ᠬᠢᠨᠠᠨ ᠵᠥᠪᠯᠡᠵᠦ ᠪᠠᠲᠤᠯᠠᠪᠠ᠃ | | | | |