| | ᠨᠡᠶᠢᠲᠡᠯᠡᠭᠰᠡᠨ ᠴᠠᠭ᠄ | 2024/5/27 | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 5 ᠳ᠋ᠤᠭᠠᠷ ᠰᠠᠷ᠎ᠠ ᠶᠢᠨ 24 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠰᠠᠭ ᠵᠠᠬᠢᠷᠭᠠᠨ ᠤ ᠳᠠᠬᠢᠨ | ᠵᠥᠪᠯᠡᠬᠦ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠭᠠᠳᠠᠭᠠᠳᠤ ᠭᠠᠷᠭᠠᠯᠲᠠ ᠶᠢ ᠥᠷᠭᠡᠳᠬᠡᠨ ᠭᠠᠳᠠᠭᠠᠳᠤ ᠳᠠᠬᠢ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠲᠤᠬᠠᠢ ᠰᠠᠨᠠᠯ︾ ᠢ ᠶᠠᠷᠢᠯᠴᠠᠨ ᠪᠠᠲᠤᠯᠠᠪᠠ᠃ ᠬᠤᠷᠠᠯ ᠳᠤ ᠵᠢᠭᠠᠵᠤ ᠭᠠᠷᠭᠠᠭᠰᠠᠨ ᠨᠢ᠂ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠣᠯ ᠵᠠᠰᠠᠭ ᠤᠨ ᠣᠷᠳᠣᠨ ᠤ ᠰᠢᠰᠲ᠋ᠧᠮ ᠤᠨ ᠥᠪᠡᠷ ᠤᠨ ᠠᠯᠳᠠᠭ᠎ᠠ ᠪᠠᠨ ᠵᠠᠯᠠᠷᠠᠭᠤᠯᠬᠤ ᠳᠤ | ᠬᠢᠨᠠᠯᠲᠠ ᠲᠠᠯᠪᠢᠬᠤ ᠳᠦᠷᠢᠮ ᠪᠠ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠲᠡᠳᠬᠦᠮᠵᠢ ᠶᠢᠨ ᠳᠦᠷᠢᠮ ᠮᠥᠨ᠂ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ | ᠴᠢᠬᠤᠯᠠ ᠭᠠᠷᠳᠠᠴᠠ ᠮᠥᠨ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠵᠠᠰᠠᠭ ᠵᠠᠬᠢᠷᠭᠠᠨ ᠤ ᠮᠠᠷᠭᠤᠯᠳᠤᠭᠠᠨ ᠢ | ᠨᠠᠮᠳᠠᠭᠤᠯᠬᠤ ᠭᠤᠣᠯ ᠠᠷᠭ᠎ᠠ ᠵᠠᠮ ᠤᠨᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ | ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠵᠠᠰᠠᠭ ᠵᠠᠬᠢᠷᠭᠠᠨ ᠤ | ᠳᠠᠬᠢᠨ ᠵᠥᠪᠯᠡᠬᠦ ᠬᠠᠤᠯᠢ ᠶᠢᠨ ᠬᠡᠷᠡᠭᠵᠢᠭᠦᠯᠬᠦ ᠳᠦᠷᠢᠮ ᠳᠤ ᠱᠠᠯᠠᠪᠳᠠᠨ ᠵᠠᠰᠠᠪᠤᠷᠢ ᠣᠷᠣᠭᠤᠯᠵᠤ᠂ ᠵᠠᠰᠠᠭ ᠵᠠᠬᠢᠷᠭᠠᠨ ᠤ ᠳᠠᠬᠢᠨ | ᠵᠥᠪᠯᠡᠬᠦ ᠶᠢᠨ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠪᠦᠷᠢᠮᠦᠰᠦᠨ ᠭᠦᠢᠴᠡᠳᠬᠡᠭᠰᠡᠨ ᠦᠭᠡᠢ᠂ | ᠳᠠᠷᠠᠭᠠᠯᠠᠯ ᠨᠢ ᠬᠠᠤᠯᠢ ᠠᠴᠠ ᠵᠥᠷᠢᠴᠡᠭᠰᠡᠨ᠂ ᠳᠤᠷ᠎ᠠ ᠪᠠᠷ ᠵᠣᠭᠤᠰ ᠲᠣᠷᠭᠠᠬᠤ ᠵᠡᠷᠭᠡ ᠦᠶ᠋ᠯᠡ ᠠᠵᠢᠯᠯᠠᠭ᠎ᠠ ᠨᠤᠭᠤᠳ ᠲᠤ | ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠷ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ ᠤ ᠳᠡᠭᠡᠭᠰᠢᠯᠡᠯᠲᠡ ᠶᠢ ᠠᠬᠢᠭᠤᠯᠵᠤ᠂ | ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠠᠷᠠᠳ ᠲᠤ ᠨᠠᠩ ᠳᠥᠭᠦᠮᠯᠡᠬᠦ ᠶᠢ ᠠᠬᠢᠭᠤᠯᠤᠨ᠂ ᠵᠠᠰᠠᠭ ᠵᠠᠬᠢᠷᠭᠠᠨ ᠤ ᠳᠠᠬᠢᠨ | ᠵᠥᠪᠯᠡᠬᠦ ᠪᠦᠲᠦᠮᠵᠢ ᠪᠠ ᠨᠡᠶᠢᠲᠡ ᠶᠢᠨ ᠢᠲᠡᠭᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ | ᠳᠠᠬᠢᠨ ᠵᠥᠪᠯᠡᠬᠦ ᠵᠢᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠵᠠᠷᠭᠤ᠂ ᠵᠠᠬᠢᠳᠠᠯ ᠰᠤᠷᠪᠤᠯᠵᠢᠯᠠᠯ ᠵᠡᠷᠭᠡ ᠯᠦᠭᠡ | ᠵᠣᠯᠭᠠᠭᠤᠯᠬᠤ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠵᠠᠰᠠᠭ ᠵᠠᠬᠢᠷᠭᠠᠨ ᠤ ᠮᠠᠷᠭᠤᠯᠳᠤᠭᠠᠨ ᠢ ᠵᠠᠰᠠᠭ ᠵᠠᠬᠢᠷᠭᠠᠨ ᠤ | ᠵᠠᠷᠭᠤ᠂ ᠵᠠᠬᠢᠳᠠᠯ ᠰᠤᠷᠪᠤᠯᠵᠢᠯᠠᠯ ᠵᠡᠷᠭᠡ ᠠᠴᠠ ᠵᠠᠰᠠᠭ ᠵᠠᠬᠢᠷᠭᠠᠨ ᠤ ᠳᠠᠬᠢᠨ ᠵᠥᠪᠯᠡᠬᠦ ᠠᠷᠭ᠎ᠠ ᠵᠠᠮ ᠳᠤ ᠣᠷᠣᠭᠤᠯᠤᠨ | ᠰᠢᠢᠳᠪᠦᠷᠢᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ ᠭᠡᠵᠡᠢ᠃ | ᠬᠤᠷᠠᠯ ᠳᠤ ᠵᠢᠭᠠᠵᠤ ᠭᠠᠷᠭᠠᠭᠰᠠᠨ ᠨᠢ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠭᠠᠳᠠᠭᠠᠳᠤ ᠳᠠᠬᠢ | ᠬᠥᠮᠥᠷᠭᠡ ᠵᠡᠷᠭᠡ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠬᠦ ᠨᠢ ᠭᠠᠳᠠᠭᠠᠳᠤ | ᠠᠷᠠᠯᠵᠢᠶᠠᠨ ᠤ ᠪᠦᠲᠦᠴᠡ ᠶᠢ ᠰᠢᠯᠢᠳᠡᠭᠵᠢᠭᠦᠯᠬᠦ᠂ ᠬᠡᠪᠴᠢᠶ᠎ᠡ ᠶᠢ ᠲᠣᠭᠲᠠᠪᠤᠷᠢᠵᠢᠭᠤᠯᠬᠤ ᠶᠢ ᠠᠬᠢᠭᠤᠯᠬᠤ ᠳᠤ ᠠᠰᠢᠭᠲᠠᠢ᠂ | ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠰᠢᠨ᠎ᠡ ᠳᠠᠪᠠᠭᠤᠯᠢᠭ ᠢ ᠪᠤᠢ ᠪᠣᠯᠭᠠᠬᠤ ᠳᠤ ᠠᠰᠢᠭᠲᠠᠢ ᠶᠤᠮ᠃ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠢ ᠪᠤᠶᠢᠵᠢᠭᠤᠯᠵᠤ᠂ | ᠣᠷᠣᠨ ᠨᠤᠲᠤᠭ ᠤᠨ ᠬᠢᠨ ᠣᠨᠴᠠᠯᠢᠭᠲᠤ ᠳᠠᠪᠠᠭᠤᠯᠢᠭ ᠲᠤ ᠪᠠᠨ ᠰᠠᠭᠤᠷᠢᠯᠠᠨ ᠤᠯᠠᠮᠵᠢᠯᠠᠯᠲᠤ ᠭᠠᠳᠠᠭᠠᠳᠤ ᠠᠷᠠᠯᠵᠢᠶᠠᠨ ᠤ | ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠳᠡᠮᠵᠢᠬᠦ ᠶᠢ ᠵᠣᠷᠢᠭᠵᠢᠭᠤᠯᠵᠤ᠂ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠠᠵᠤ | ᠠᠬᠤᠶᠢᠯᠠᠯ ᠳᠤ ᠨᠡᠩ ᠤᠯᠠᠨ ᠳᠡᠯᠭᠡᠨ ᠦᠵᠡᠭᠦᠯᠵᠦ ᠵᠣᠯᠭᠠᠭᠤᠯᠬᠤ ᠲᠠᠪᠴᠠᠩ ᠬᠠᠩᠭᠠᠵᠤ᠂ ᠲᠦᠷᠦᠯ ᠲᠡᠮᠳᠡᠭ ᠤᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠵᠦ᠂ | ᠬᠤᠯᠪᠣᠭᠳᠠᠯ ᠪᠦᠬᠦᠢ ᠰᠠᠭᠤᠷᠢ ᠪᠡᠯᠡᠳᠬᠡᠮᠵᠢ ᠪᠣᠯᠣᠨ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠪᠣᠯᠣᠨ ᠦᠢᠯᠡᠴᠢᠯᠡᠭᠡ ᠶᠢ ᠰᠢᠯᠢᠳᠡᠭᠵᠢᠭᠦᠯᠵᠦ᠂ ᠪᠠᠷᠢᠮᠵᠢᠶ᠎ᠠ ᠳᠦᠷᠢᠮ ᠤᠨ | ᠪᠠᠶᠢᠭᠤᠯᠤᠯᠲᠠ ᠪᠠ ᠤᠯᠠᠨ ᠤᠯᠤᠰ ᠤᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠬᠦ ᠬᠡᠷᠡᠭᠲᠡᠢ᠃ ᠠᠵᠢᠯ ᠲᠦᠷᠦᠯ ᠤᠨ | ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠡᠮᠬᠢ ᠵᠢᠷᠤᠮ ᠲᠠᠢ ᠪᠠᠷ ᠥᠷᠢᠰᠦᠯᠳᠦᠬᠦ ᠶᠢ ᠬᠥᠲᠥᠯᠥᠨ ᠵᠢᠯᠤᠭᠤᠳᠴᠤ᠂ | ᠠᠵᠤ ᠦᠢᠯᠡᠰ ᠤᠨ ᠬᠡᠯᠬᠢᠶᠡᠨ ᠤ ᠳᠡᠭᠡᠳᠦ ᠳᠣᠣᠷᠠᠳᠤ ᠤᠷᠤᠰᠬᠠᠯ ᠤᠨ ᠬᠥᠭᠵᠢᠯᠲᠡ ᠳᠤ ᠨᠡᠩ ᠰᠠᠶᠢᠨ ᠬᠦᠴᠦᠨ | ᠣᠯᠭᠤᠬᠤᠬᠡᠷᠡᠭᠲᠡᠢ ᠭᠡᠵᠡᠢ᠃ | ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠵᠠᠢ᠃ | | | | |