ᠥᠪᠥᠷ ᠮᠣᠩᠭᠤᠯ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠲᠥᠪᠯᠡᠷᠡᠭᠦᠯᠦᠨ ᠪᠠᠶᠢᠴᠠᠭᠠᠪᠠ
ᠨᠡᠶᠢᠲᠡᠯᠡᠭᠰᠡᠨ ᠴᠠᠭ᠄
2024/5/27
     ᠥᠪᠥᠷ ᠮᠣᠩᠭᠤᠯ ᠣᠶᠢᠷ᠎ᠠ ᠳᠤ ᠪᠥᠬᠦ ᠣᠷᠣᠨ  ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠵᠣᠭᠰᠣᠭᠠᠬᠤ᠂ ᠴᠠᠬᠢᠯᠭᠠᠨ ᠴᠡᠨᠡᠭᠯᠡᠬᠦ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠡᠷᠭᠡ ᠠᠰᠠᠭᠤᠳᠠᠯ ᠢ ᠴᠢᠩᠭ᠎ᠠ ᠴᠡᠭᠴᠡᠯᠡᠨ ᠵᠠᠰᠠᠵᠠᠢ᠃     ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠤᠨ ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯ ᠤᠨ ᠲᠤᠰᠬᠠᠶ ᠠᠩᠭᠢ ᠨᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠯᠲᠠ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠣᠯᠠᠨ ᠰᠠᠯᠠᠭ᠎ᠠ ᠮᠥᠴᠢᠷ ᠤᠨ ᠬᠥᠮᠦᠰ ᠢᠶᠠᠷ ᠪᠦᠷᠢᠯᠳᠦᠵᠡᠶ᠃ ᠲᠣᠰ ᠤᠳᠠᠭᠠᠨ ᠤ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠶᠢᠨ ᠭᠤᠤᠯᠳᠠᠯᠭ᠎ᠠ ᠲᠠᠢ ᠠᠭᠤᠯᠭ᠎ᠠ ᠳᠤ᠄ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠣᠯᠠᠨ ᠨᠡᠶᠢᠲᠡ ᠶᠢᠨ ᠡᠭᠦᠳᠡᠨ ᠲᠢᠩᠬᠢᠮ᠂ ᠲᠠᠷᠬᠠᠭᠠᠬᠤ ᠵᠠᠮ᠂ ᠠᠰᠠᠷ ᠤᠨ ᠱᠠᠲᠤ᠂ ᠠᠮᠤᠷ ᠲᠦᠪᠰᠢᠨ ᠭᠠᠷᠬᠤ ᠡᠭᠦᠳᠡ ᠵᠡᠷᠭᠡ ᠭᠠᠵᠠᠷ ᠲᠤ ᠲᠣᠭᠲᠠᠭᠠᠯ ᠠᠴᠠ ᠵᠥᠷᠢᠴᠡᠨ ᠵᠣᠭᠰᠣᠭᠠᠬᠤ᠂ ᠴᠠᠬᠢᠯᠭᠠᠨ ᠴᠡᠨᠡᠭᠯᠡᠬᠦ ᠦᠶᠯᠡ ᠠᠵᠢᠯᠯᠠᠭ᠎ᠠ ᠪᠠᠭᠲᠠᠨ᠎ᠠ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠵᠣᠭᠰᠣᠭᠠᠬᠤ᠂ ᠴᠠᠬᠢᠯᠭᠠᠨ ᠴᠡᠨᠡᠭᠯᠡᠬᠦ ᠳᠤ ᠲᠣᠭᠲᠠᠭᠠᠯ ᠠᠴᠠ ᠵᠥᠷᠢᠴᠡᠨ ᠬᠡᠷᠡᠭᠯᠡᠬᠦ᠂ ᠲᠠᠷᠬᠠᠭᠠᠬᠤ ᠵᠠᠮ ᠪᠠ ᠠᠮᠤᠷ ᠲᠦᠪᠰᠢᠨ ᠭᠠᠷᠬᠤ ᠡᠭᠦᠳᠡ ᠶᠢ ᠪᠥᠭᠯᠡᠬᠦ᠂ ᠲᠣᠭᠲᠠᠭᠠᠯ ᠠᠴᠠ ᠵᠥᠷᠢᠴᠡᠨ《ᠠᠰᠠᠷ ᠡᠷᠦᠬᠡ ᠳᠤ ᠣᠷᠣᠬᠤ》᠂ 《ᠨᠢᠰᠬᠡᠯ ᠢᠶᠠᠷ ᠴᠠᠬᠢᠯᠭᠠᠨ ᠴᠡᠨᠡᠭᠯᠡᠬᠦ 》 ᠠᠵᠢᠯᠯᠠᠭ᠎ᠠ ᠪᠠᠭᠲᠠᠨ᠎ᠠ᠃ ᠵᠤᠪᠰᠢᠶᠡᠷᠡᠯ  ᠦᠭᠡᠢ  ᠪᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ  ᠤ ᠬᠡᠷ ᠪᠠᠷᠢᠬᠤ᠂ ᠵᠡᠭᠡᠯᠢ ᠳᠠᠭᠠᠤ ᠳᠡᠯᠭᠡᠭᠦᠷ ᠵᠡᠷᠭᠡ ᠲᠠᠯᠠᠪᠤᠷ ᠲᠤ ᠲᠣᠭᠲᠠᠭᠠᠯ ᠠᠴᠠ ᠵᠥᠷᠢᠴᠡᠨ ᠵᠣᠭᠰᠣᠭᠠᠬᠤ᠂ ᠴᠠᠬᠢᠯᠭᠠᠨ ᠴᠡᠨᠡᠭᠯᠡᠬᠦ ᠦᠶᠯᠡ ᠠᠵᠢᠯᠯᠠᠭ᠎ᠠ ᠪᠠᠭᠲᠠᠨ᠎ᠠ᠃ ᠤᠤᠯ ᠤᠨ ᠦᠶᠯᠡᠳᠪᠦᠷᠢ ᠶᠢᠨ ᠴᠠᠬᠢᠯᠭᠠᠨ ᠬᠡᠷᠡᠭᠰᠡᠯ ᠤᠨ ᠰᠡᠯᠪᠢᠭ ᠲᠣᠨᠤᠭ ᠢ ᠳᠤᠷ᠎ᠠ ᠪᠠᠷ ᠢᠶᠠᠨ ᠥᠭᠡᠷᠡᠴᠢᠯᠡᠨ ᠤᠭᠰᠠᠷᠠᠵᠤ᠂ ᠬᠢᠵᠠᠭᠠᠷᠯᠠᠭᠰᠠᠨ ᠬᠤᠷᠳᠤᠴᠠ ( ᠺᠣᠳ᠋ ᠵᠠᠳᠠᠯᠵᠤ ᠬᠤᠷᠳᠤᠴᠠ ᠶᠢ ᠲᠦᠷᠭᠡᠳᠬᠡᠬᠦ ᠪᠠᠭᠲᠠᠨ᠎ᠠ ) ᠶᠢ ᠵᠠᠳᠠᠯᠵᠤ ᠥᠭᠡᠷᠡᠴᠢᠯᠡᠬᠦ᠂ ᠭᠠᠳᠠᠷ ᠴᠠᠬᠢᠯᠭᠠᠨ ᠬᠤᠷᠢᠶᠠᠭᠤᠷ ᠤᠨ ᠲᠤᠯᠬᠤ ᠲᠠᠯᠪᠢᠭᠤᠷ ᠭᠠᠷᠭᠠᠬᠤ᠂ ᠴᠠᠬᠢᠯᠭᠠᠨ ᠬᠤᠷᠢᠶᠠᠭᠤᠷ  ᠤᠨ ᠬᠤᠪᠢᠯᠲᠤ ᠬᠠᠶᠢᠷᠴᠠᠭ ᠢ ᠥᠭᠡᠷᠡᠴᠢᠯᠡᠬᠦ᠂ ᠶᠡᠭᠡ ᠪᠠᠭᠲᠠᠭᠠᠮᠵᠢᠲᠤ ᠴᠠᠬᠢᠯᠭᠠᠨ ᠬᠤᠷᠢᠶᠠᠭᠤᠷ ᠢ ᠰᠣᠯᠢᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠪᠠᠭᠲᠠᠨ᠎ᠠ᠃     ᠥᠪᠥᠷ ᠮᠣᠩᠭᠤᠯ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ  ᠤᠨ ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯ ᠤᠨ ᠲᠤᠰᠬᠠᠶ ᠠᠩᠭᠢ ᠠᠴᠠ ᠰᠠᠨᠠᠭᠤᠯᠬᠤ ᠳᠠᠭᠠᠨ᠂ ᠡᠯ᠎ᠡ ᠨᠡᠶᠢᠭᠡᠮ ᠨᠢᠭᠡᠴᠢ᠂ ᠣᠷᠣᠨ ᠰᠠᠭᠤᠴᠠ ᠶᠢᠨ ᠠᠳᠠᠯ ᠠᠬᠤᠶ ᠶᠢᠨ ᠦᠶᠯᠡᠴᠢᠯᠡᠭᠡᠨ ᠤ ᠠᠵᠤ ᠠᠬᠤᠶᠢᠯᠠᠯ ᠵᠢᠴᠢ ᠥᠷᠭᠡᠨ ᠣᠯᠠᠨ ᠲᠦᠮᠡᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠪᠠᠨ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠬᠦ ᠶᠢ ᠬᠢᠨᠠᠮᠠᠭᠠᠶ ᠬᠢᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠰᠠᠨᠠᠭᠠᠴᠢᠯᠠᠭ᠎ᠠ ᠠᠴᠠ ᠪᠠᠨ ᠠᠷᠢᠯᠭᠠᠵᠤ᠂ ᠪᠠᠶᠢᠴᠠᠭᠠᠬᠤ ᠠᠵᠢᠯᠯᠠᠭ᠎ᠠ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ ᠭᠡᠵᠡᠶ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ《ᠠᠰᠠᠷ᠂ ᠡᠷᠦᠬᠡ ᠳᠤ ᠣᠷᠣᠭᠤᠯᠬᠤ》᠂《 ᠤᠲᠠᠰᠤ ᠪᠠᠷ ᠴᠠᠬᠢᠯᠭᠠᠨ ᠴᠡᠨᠡᠭᠯᠡᠬᠦ 》 ᠦᠶᠯᠡ ᠠᠵᠢᠯᠯᠠᠭ᠎ᠠ ᠶᠢ ᠢᠳᠬᠠᠪᠠᠴᠤ ᠵᠠᠯᠠᠷᠠᠭᠤᠯᠬᠤ ᠥᠬᠡᠶ᠂ ᠪᠠᠶᠢᠨ ᠳᠠᠬᠢᠨ ᠠᠯᠳᠠᠭ᠎ᠠ ᠭᠠᠷᠭᠠᠭᠰᠠᠨ ᠬᠤᠯᠪᠣᠭᠳᠠᠯ ᠪᠥᠬᠦᠶ ᠬᠤᠪᠢ ᠬᠥᠮᠦᠨ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠡᠷᠭᠡ ᠠᠰᠠᠭᠤᠳᠠᠯ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠶᠳᠪᠦᠷᠢᠯᠡᠬᠦ  ᠶᠢᠨ ᠬᠠᠮᠲᠤ ᠣᠯᠠᠨ ᠳᠤ ᠢᠯᠡ ᠨᠡᠶᠢᠲᠡᠯᠡᠨ᠎ᠡ᠃ ᠲᠣᠰ ᠤᠳᠠᠭᠠᠨ ᠤ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠨᠢ 6 ᠰᠠᠷ᠎ᠠ ᠶᠢᠨ 26 ᠤ ᠡᠳᠦᠷ ᠪᠣᠯᠲᠠᠯ᠎ᠠ ᠦᠷᠭᠦᠯᠵᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号