ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/27
 ᠾᠧ ᠬᠠᠢ ᠳ᠋ᠦᠩ ᠬᠤᠷᠠᠯ ᠢ ᠡᠷᠬᠢᠯᠡᠪᠡ     ︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ  ᠶᠢᠨ 24  ᠤ ᠡᠳᠦᠷ᠂ ᠬᠤᠲᠠ  ᠶᠢᠨ ᠨᠠᠮ   ᠤᠨ ᠬᠤᠷᠢᠶᠠᠨ  ᠤ ᠳᠡᠳ᠋ ᠱᠦᠵᠢ᠂ ᠬᠤᠲᠠ  ᠶᠢᠨ ᠳᠠᠷᠤᠭ᠎ᠠ ᠾᠧ ᠬᠠᠢ‌‍ᠳᠦ᠋ᠩ ᠬᠤᠲᠠ  ᠶᠢᠨ ᠵᠠᠰᠠᠭ  ᠤᠨ ᠣᠷᠳᠣᠨ  ᠤ ᠪᠠᠶᠢᠩᠭᠤ  ᠶᠢᠨ ᠬᠤᠷᠠᠯ  ᠢ ᠡᠷᠭᠢᠯᠡᠨ ᠬᠤᠷᠠᠯᠳᠤᠭᠤᠯᠵᠤ᠂ ᠲᠥᠷᠥ  ᠶᠢᠨ ᠶᠠᠪᠤᠳᠠᠯ  ᠤᠨ ᠬᠤᠷᠢᠶᠠᠨ  ᠤ       ︽ᠴᠢᠬᠤᠯᠠ ᠶᠡᠭᠡ ᠪᠠᠶᠢᠯᠳᠤᠬᠤ ᠪᠣᠳᠣᠯᠭ᠎ᠠ  ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠬᠦᠷᠢᠶᠡᠨ  ᠤ ᠠᠮᠤᠷ ᠲᠦᠪᠰᠢᠨ  ᠤ ᠴᠢᠳᠠᠪᠤᠷᠢ︾ ᠶᠢᠨ ᠪᠦᠲᠦᠭᠡᠨ ᠪᠠᠶᠢᠭᠤᠯᠤᠯᠲᠠ  ᠶᠢ ᠳᠡᠮᠵᠢᠬᠦ ᠪᠠᠶᠢᠷᠢᠯᠠᠭᠤᠯᠤᠯᠲᠠ ᠳᠠᠶᠢᠴᠢᠯᠠᠯᠲᠠ  ᠶᠢᠨ ᠸᠢᠳᠢᠤ᠋ ᠬᠤᠷᠠᠯ  ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ  ᠶᠢᠨ ᠡᠯ᠎ᠡ ᠲᠥᠷᠥᠯ  ᠤᠨ ᠬᠤᠭ ᠨᠣᠪᠰᠢ  ᠶᠢ ᠰᠢᠢᠳᠪᠦᠷᠢᠯᠡᠭᠰᠡᠨ ᠪᠠᠶᠢᠳᠠᠯ  ᠤᠨ ᠬᠠᠷᠢᠭᠤ ᠮᠡᠳᠡᠭᠦᠯᠦᠯᠲᠡ  ᠶᠢ ᠰᠣᠨᠣᠰᠪᠠ᠃     ᠬᠤᠷᠠᠯ  ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ  ᠶᠢᠨ ᠫᠢᠩ  ᠤᠨ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ  ᠶᠢᠨ ᠶᠠᠪᠤᠳᠠᠯ  ᠤᠨ ᠬᠤᠷᠢᠶᠠᠨ  ᠤ ︽ᠴᠢᠬᠤᠯᠠ ᠶᠡᠭᠡ ᠪᠠᠶᠢᠯᠳᠤᠬᠤ ᠪᠣᠳᠣᠯᠭ᠎ᠠ  ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠬᠦᠷᠢᠶᠡᠨ  ᠤ ᠠᠮᠤᠷ ᠲᠦᠪᠰᠢᠨ  ᠤ ᠴᠢᠳᠠᠪᠤᠷᠢ︾ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠪᠠᠶᠢᠷᠢᠯᠠᠭᠤᠯᠤᠯᠲᠠ ᠳᠠᠶᠢᠴᠢᠯᠠᠯᠲᠠ  ᠶᠢᠨ ᠸᠢᠳᠢᠤ᠋ ᠬᠤᠷᠠᠯ  ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ  ᠤ ᠱᠠᠭᠠᠷᠳᠠᠯᠭ᠎ᠠ ᠶᠣᠰᠣᠭᠠᠷ ᠤᠯᠤᠰ ᠲᠦᠷᠦ  ᠶᠢᠨ ᠵᠣᠭᠰᠣᠴᠠ  ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ  ᠪᠠᠨ ᠨᠢᠭᠡᠳᠬᠡᠵᠦ᠂ ᠭᠤᠣᠯᠳᠠᠯᠭ᠎ᠠ ᠲᠠᠢ ᠬᠦᠷᠢᠶᠡᠨ ᠤ ᠲᠦᠷᠦᠯ ᠵᠦᠢᠯ ᠢ ᠰᠢᠨᠵᠢᠯᠡᠬᠦ ᠤᠬᠠᠭᠠᠨᠴᠢ  ᠪᠠᠷ ᠣᠨᠣᠪᠴᠢᠲᠠᠢ ᠲᠥᠯᠥᠪᠵᠢᠭᠦᠯᠵᠦ᠂ ᠬᠦᠴᠦᠨ ᠵᠦᠢᠯ  ᠤᠨ ᠦᠢᠯᠡᠴᠢᠯᠡᠭᠡᠨ  ᠤ ᠪᠠᠲᠤᠯᠠᠭ᠎ᠠ  ᠶᠢ ᠴᠢᠩᠭᠠᠳᠬᠠᠵᠤ᠂ ᠤᠯᠤᠰ  ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ  ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ  ᠲᠠᠢ ᠬᠦᠷᠢᠶᠡᠨ  ᠤ ᠠᠮᠤᠷ ᠲᠦᠪᠰᠢᠨ  ᠤ ᠴᠢᠳᠠᠪᠤᠷᠢ  ᠶᠢᠨ ᠪᠠᠶᠢᠭᠤᠯᠤᠯᠲᠠ  ᠶᠢᠨ ᠲᠦᠷᠦᠯ ᠵᠦᠢᠯ  ᠤᠨ ᠡᠯ᠎ᠡ ᠵᠦᠢᠯ  ᠤᠨ ᠠᠵᠢᠯ  ᠢ ᠥᠨᠳᠥᠷ ᠪᠠᠷᠢᠮᠵᠢᠶ᠎ᠠ   ᠲᠠᠢ ᠶᠠᠰᠤ ᠴᠢᠨᠠᠷ  ᠲᠠᠢ ᠥᠨᠳᠥᠷ ᠦᠷ᠎ᠡ ᠪᠦᠲᠦᠮᠵᠢᠲᠡᠢ ᠠᠬᠢᠭᠤᠯᠬᠤ ᠬᠡᠷᠡᠭᠲᠡᠢ ᠭᠡᠵᠡᠢ᠃     ᠬᠤᠷᠠᠯ  ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ  ᠤᠨ ᠬᠢᠨ ᠠᠰᠠᠭᠤᠳᠠᠯ  ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠲᠠᠭᠤ‌‍ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢᠳᠤᠷᠠᠯ  ᠤᠨ ᠬᠤᠭ ᠨᠣᠪᠰᠢ᠂ ᠪᠠᠷᠢᠯᠭ᠎ᠠ  ᠶᠢᠨ ᠬᠤᠭ ᠨᠣᠪᠰᠢ  ᠶᠢ ᠰᠢᠢᠳᠪᠦᠷᠢᠯᠡᠬᠦ ᠪᠠ ᠰᠢᠪᠠᠷ ᠱᠠᠯᠴᠢᠭ ᠢ ᠰᠢᠢᠳᠪᠦᠷᠢᠯᠡᠬᠦ ᠠᠵᠢᠯ  ᠤᠨ ᠪᠠᠶᠢᠳᠠᠯ  ᠢ ᠲᠣᠳᠣᠷᠬᠠᠢ ᠣᠶᠢᠯᠠᠭᠠᠵᠤ᠂ ᠬᠤᠭ ᠨᠣᠪᠰᠢ  ᠶᠢ ᠰᠢᠢᠳᠪᠦᠷᠢᠯᠡᠬᠦ ᠪᠦᠬᠦ ᠶᠠᠪᠤᠴᠠ  ᠶᠢᠨ ᠬᠠᠮᠢᠶᠠᠷᠤᠯᠲᠠ  ᠶᠢ ᠪᠦᠬᠦ ᠲᠠᠯ᠎ᠠ  ᠪᠠᠷ ᠴᠢᠩᠭᠠᠳᠬᠠᠵᠤ᠂ᠰᠢᠢᠳᠪᠦᠷᠢᠯᠡᠬᠦ ᠴᠢᠳᠠᠪᠤᠷᠢ  ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠠᠯᠤᠰ ᠬᠡᠳᠤ  ᠶᠢᠨ ᠬᠠᠷᠠᠭᠠᠰᠤ  ᠠᠴᠠ ᠬᠤᠭ ᠨᠣᠪᠰᠢ  ᠶᠢ ᠰᠢᠢᠳᠪᠦᠷᠢᠯᠡᠬᠦ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ  ᠪᠠᠷ ᠰᠠᠶᠢᠲᠤᠷ ᠬᠢᠵᠦ᠂ ᠳᠤᠲᠠᠭᠳᠠᠯ  ᠢᠶᠠᠨ ᠨᠥᠬᠦᠪᠦᠷᠢᠯᠡᠵᠦ᠂ ᠬᠤᠭ ᠨᠣᠪᠰᠢ  ᠶᠢ ᠵᠢᠷᠤᠮᠵᠢᠭᠤᠯᠤᠨ ᠰᠢᠢᠳᠪᠦᠷᠢᠯᠡᠬᠦ ᠬᠢᠷᠢ ᠲᠦᠪᠰᠢᠨ  ᠢᠶᠠᠨ ᠳᠡᠭᠡᠭᠰᠢᠯᠡᠭᠦᠯᠬᠦ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠬᠠᠮᠢᠶ᠎ᠠ ᠪᠦᠬᠦᠢ ᠨᠢᠭᠡᠴᠢ  ᠶᠢᠨ ᠬᠠᠮᠢᠶᠠᠷᠤᠯᠲᠠ   ᠶᠢᠨ ᠬᠠᠷᠢᠭᠤᠴᠠᠯᠭ᠎ᠠ  ᠶᠢ ᠪᠣᠳᠠᠲᠠᠶᠢᠵᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ  ᠶᠢ ᠦᠨᠳᠦᠰᠦᠨ  ᠠᠴᠠ ᠨᠢ ᠪᠡᠶᠡᠯᠡᠭᠦᠯᠬᠦ ᠬᠡᠷᠡᠭᠲᠡᠢ᠃ ᠲᠡᠷᠢᠭᠦᠨ ᠤ ᠭᠠᠵᠠᠷ ᠣᠷᠣᠨ ᠤ ᠬᠤᠭ ᠨᠣᠪᠰᠢ ᠶᠢ ᠰᠢᠢᠳᠪᠦᠷᠢᠯᠡᠭᠰᠡᠨ ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ᠡᠮᠦᠨ᠎ᠡ ᠨᠢ ᠲᠥᠷᠥᠯ ᠬᠤᠪᠢᠶᠠᠬᠤ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠳᠤᠮᠳᠠ ᠨᠢ ᠲᠡᠭᠡᠭᠡᠪᠦᠷᠢᠯᠡᠬᠦ ᠶᠢ ᠴᠢᠩᠭᠠᠳᠬᠠᠵᠤ᠂ ᠲᠡᠭᠦᠰᠬᠡᠯ ᠳᠤᠨᠢ ᠰᠢᠢᠳᠪᠦᠷᠢᠯᠡᠬᠦ ᠶᠢ ᠭᠦᠨᠵᠡᠭᠡᠶᠢᠷᠡᠭᠦᠯᠦᠨ᠂ ᠬᠤᠭ ᠨᠣᠪᠰᠢ ᠶᠢ ᠣᠷᠴᠢᠯᠳᠤᠭᠤᠯᠤᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠭ ᠨᠣᠪᠰᠢ  ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ  ᠶᠢ ᠠᠯᠬᠤᠮ ᠠᠯᠬᠤᠮ  ᠢᠶᠠᠷ ᠪᠡᠶᠡᠯᠡᠭᠦᠯᠬᠦ ᠬᠡᠷᠡᠭᠲᠡᠢ ᠭᠡᠵᠡᠢ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号