ᠬᠥᠳᠡᠭᠡ ᠲᠣᠰᠬᠤᠨ ᠤ ᠡᠮ ᠡᠮᠨᠡᠯᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠠᠷᠠᠳ ‍ᠤᠨ‌ᠠᠮᠢᠳᠤᠷᠠᠯ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2024/5/27
         ᠤᠯᠤᠰ ᠤᠨ ᠡᠮ ᠡᠮᠨᠡᠯᠭᠡ ᠡᠷᠡᠭᠦᠯ ᠬᠠᠮᠠᠭᠠᠯᠠᠯ  ᠤᠨ ᠪᠠᠶᠢᠭᠤᠯᠤᠯ  ᠤᠨ ᠥᠭᠡᠷᠡᠴᠢᠯᠡᠯᠲᠡ  ᠶᠢ ᠭᠦᠨᠵᠡᠭᠡᠶᠢᠷᠡᠭᠦᠯᠬᠦ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ  ᠢ ᠦᠨᠳᠦᠰᠦᠨ ᠱᠠᠲᠤ ᠲᠡᠶᠢᠰᠢ ᠤᠷᠲᠤᠳᠬᠠᠬᠤ  ᠶᠢ ᠠᠬᠢᠭᠤᠯᠵᠤ᠂ ᠬᠥᠳᠡᠭᠡ ᠲᠣᠰᠬᠤᠨ  ᠤ ᠰᠠᠭᠤᠭᠠᠯᠢ ᠠᠷᠠᠳ  ᠤᠨ ᠡᠷᠡᠭᠦᠯ ᠮᠡᠨᠳᠦ  ᠶᠢᠨ ᠤᠬᠠᠮᠰᠠᠷ ᠪᠠ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠬᠦ  ᠶᠢᠨ ᠲᠥᠯᠥᠭᠡ᠂ 5 ᠳ᠋ᠤᠭᠠᠷ‌‍ᠰᠠᠷ᠎ᠠ ᠶᠢᠨ 17 ᠤ ᠡᠳᠦᠷ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠪᠡᠭᠡᠵᠢᠩ  ᠤᠨ ᠰᠢᠶᠧ ᠾᠧ ᠡᠮᠨᠡᠯᠭᠡ  ᠶᠢᠨ ᠬᠤᠷᠢᠶᠠᠨ ᠤ ᠦᠪᠦᠷ ᠮᠣᠩᠭᠤᠯ  ᠤᠨ ᠡᠮᠴᠢᠯᠡᠭᠡ ᠶᠢ ᠲᠤᠰᠠᠯᠠᠬᠤ ᠡᠮᠴᠢᠯᠡᠭᠡᠨ ᠤ ᠠᠩᠭᠢ ᠶᠢᠨ ᠲᠤᠰᠬᠠᠶ ᠮᠡᠷᠭᠡᠵᠢᠯᠲᠡᠨ  ᠲᠠᠢ ᠭᠠᠷ ᠬᠤᠯᠪᠣᠯᠴᠠᠨ᠂ ᠦᠱᠧᠨ ᠪᠠᠯᠭᠠᠰᠤᠨ  ᠤ ᠰᠠᠨ ᠵᠢᠶᠠᠨ ᠹᠠᠩ ᠲᠣᠰᠬᠤᠨ  ᠳᠤ ︽ᠡᠮᠴᠢᠯᠡᠭᠡᠨ ᠤ ᠦᠢᠯᠡᠴᠢᠯᠡᠭᠡ  ᠶᠢ ᠬᠥᠳᠡᠭᠡ ᠲᠣᠰᠬᠤᠨ ᠳᠤ ᠣᠷᠣᠭᠤᠯᠬᠤ ᠨᠡᠶᠢᠲᠡ  ᠶᠢᠨ ᠠᠰᠠᠷᠠᠮᠵᠢ  ᠶᠢᠨ ᠠᠷᠠᠳ  ᠤᠨ ᠲᠥᠯᠥᠭᠡ‌ᠡᠷᠡᠭᠦᠯ ᠮᠡᠨᠳᠦ ᠶᠢ ᠬᠦᠷᠭᠡᠶ᠎ᠡ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ  ᠶᠢᠨ ᠲᠤᠬᠠᠶ ᠶᠢᠨ ᠲᠠᠯᠠᠪᠠᠢ ᠳᠤ᠂ ᠪᠡᠭᠡᠵᠢᠩ  ᠤᠨ ᠰᠢᠶᠧ ᠾᠧ ᠡᠮᠨᠡᠯᠭᠡ  ᠶᠢᠨ ᠬᠤᠷᠢᠶᠠᠨ ᠤ ᠡᠮᠴᠢᠯᠡᠭᠡᠨ ᠤ ᠲᠤᠰᠬᠠᠶ ᠮᠡᠷᠭᠡᠵᠢᠯᠲᠡᠨ ᠪᠣᠯᠤᠨ ᠲᠤᠭᠳᠠᠬᠤ ᠰᠢᠶᠠᠨ  ᠤ ᠡᠮᠨᠡᠯᠭᠡ  ᠶᠢᠨ ᠬᠤᠷᠢᠶᠠᠨ ᠤ ᠡᠮᠴᠢ ᠨᠡᠷ ᠲᠣᠰᠬᠤᠨ ᠤ ᠠᠷᠠᠳ ᠲᠤ ᠡᠷᠡᠭᠦᠯ ᠮᠡᠨᠳᠦ  ᠶᠢᠨ ᠵᠥᠪᠯᠡᠯᠭᠡ ᠪᠠ ᠡᠪᠡᠳᠴᠢᠨ ᠡᠮᠭᠡᠭ  ᠢ ᠣᠨᠣᠰᠢᠯᠠᠬᠤ ᠦᠢᠯᠡᠴᠢᠯᠡᠭᠡ ᠬᠠᠩᠭᠠᠪᠠ᠃ ᠲᠤᠰᠬᠠᠶ ᠮᠡᠷᠭᠡᠵᠢᠯᠲᠡᠳ ᠡᠯᠪᠡᠭ ᠪᠠᠶᠠᠯᠢᠭ ᠡᠮᠴᠢᠯᠡᠭᠡᠨ ᠤ ᠲᠤᠷᠰᠢᠯᠭ᠎ᠠ  ᠪᠠᠷ  ᠢᠶᠠᠨ ᠲᠣᠰᠬᠤᠨ ᠤ ᠠᠷᠠᠳ ᠤᠨ ᠡᠷᠡᠭᠦᠯ ᠮᠡᠨᠳᠦ ᠶᠢᠨ ᠠᠰᠠᠭᠤᠳᠠᠯ ᠢ ᠬᠦᠯᠢᠴᠡᠩᠭᠦᠶ ᠨᠢᠮᠪᠠᠶ ᠬᠠᠷᠢᠭᠤᠯᠬᠤ  ᠶᠢᠨ ᠬᠠᠮᠲᠤ ᠲᠤᠰᠬᠠᠶ ᠮᠡᠷᠭᠡᠵᠢᠯ ᠤᠨ ᠡᠮᠴᠢᠯᠡᠭᠡᠨ ᠤ ᠰᠠᠨᠠᠭᠤᠯᠭ᠎ᠠ ᠬᠠᠩᠭᠠᠪᠠ᠃ ᠡᠭᠦᠨ ᠤ ᠬᠠᠮᠲᠤ᠂ ᠡᠮᠴᠢᠯᠡᠭᠡᠨ ᠤ ᠠᠩᠭᠢ ᠪᠠᠰᠠ ᠲᠣᠰᠬᠤᠨ ᠤ ᠠᠷᠠᠳ ᠲᠤ ᠴᠢᠰᠤᠨ ᠳᠠᠷᠤᠯᠲᠠ᠂ ᠴᠢᠰᠤᠨ ᠰᠢᠬᠢᠷ ᠵᠡᠷᠭᠡ ᠰᠦᠢᠳᠭᠡᠯ ᠬᠤᠷᠢᠶᠠᠬᠤ ᠥᠬᠡᠶ ᠪᠠᠷ ᠪᠠᠶᠢᠴᠠᠭᠠᠬᠤ ᠲᠥᠷᠥᠯ ᠵᠦᠢᠯ ᠬᠠᠩᠭᠠᠵᠤ᠂ ᠲᠡᠳᠡᠨ ᠳᠤ ᠥᠪᠡᠷ ᠤᠨ ᠪᠡᠶ᠎ᠡ ᠶᠢᠨ ᠪᠠᠶᠢᠳᠠᠯ ᠢᠶᠠᠨ ᠴᠠᠭ ᠲᠤᠬᠠᠶ  ᠳᠤᠨᠢ ᠣᠶᠢᠯᠠᠭᠠᠭᠤᠯᠪᠠ᠃     ︽ᠡᠶᠢᠮᠦᠷᠬᠦ ᠠᠯᠪᠠᠨ ᠵᠢᠷᠤᠮ ᠤᠨ ᠡᠮᠴᠢᠯᠡᠭᠡ ᠶᠢᠨ ᠠᠵᠢᠯᠯᠠᠭ᠎ᠠ ᠦᠨᠡᠬᠡᠷ ᠲᠣᠩ ᠰᠠᠶᠢᠨ︕︾ ᠮᠠᠨ ᠤ ᠬᠥᠳᠡᠭᠡ ᠲᠣᠰᠬᠤᠨ ᠤ ᠨᠠᠰᠤᠲᠠᠶᠢᠴᠤᠳ ᠡᠩ  ᠤᠨ ᠦᠶ᠎ᠡ  ᠳᠤ ᠡᠮᠨᠡᠯᠭᠡ  ᠶᠢᠨ ᠬᠤᠷᠢᠶᠠᠨ ᠳᠤ ᠣᠴᠢᠵᠤ ᠡᠪᠡᠳᠴᠢᠨ ᠦᠵᠡᠭᠦᠯᠬᠦ ᠳᠤ ᠳᠥᠭᠦᠮ ᠦᠭᠡᠢ ᠪᠠᠶᠢᠳᠠᠭ᠂ ᠲᠡᠳᠡ ᠮᠠᠨ ᠤ ᠲᠥᠯᠥᠭᠡ ᠪᠠᠰᠠ ᠡᠶᠢᠮᠦ ᠤᠯᠠᠨ ᠰᠦᠢᠳᠬᠡᠯ ᠬᠤᠷᠢᠶᠠᠬᠤ ᠦᠭᠡᠢ ᠪᠠᠶᠢᠴᠠᠭᠠᠯᠲᠠ ᠶᠢᠨ ᠵᠦᠢᠯᠡᠰ ᠢ ᠬᠠᠩᠭᠠᠭᠰᠠᠨ ᠪᠠᠶᠢᠨ᠎ᠠ᠂ ᠦᠨᠡᠬᠡᠷ ᠲᠡᠳᠡᠨ ᠳᠤ ᠲᠠᠯᠠᠷᠬᠠᠵᠤ ᠪᠠᠶᠢᠨ᠎ᠠ︾ ᠭᠡᠵᠦ ᠰᠠᠨ ᠵᠢᠶᠠᠨ ᠹᠠᠩ ᠲᠣᠰᠬᠤᠨ ᠤ ᠠᠷᠠᠳ ᠼᠦᠢ ᠵᠢᠶᠦ᠋ᠨ ᠯᠢᠩ ᠬᠡᠯᠡᠵᠡᠶ᠃     ︽ᠪᠢᠳᠡ ᠪᠣᠯ ᠪᠡᠭᠡᠵᠢᠩ ᠤᠨ ᠰᠢᠶᠧ ᠾᠧ ᠡᠮᠨᠡᠯᠭᠡ  ᠶᠢᠨ ᠬᠤᠷᠢᠶᠠᠨ ᠤ 17 ᠳ᠋ᠤᠭᠠᠷ ᠪᠦᠯᠦᠭ ᠦᠪᠦᠷ ᠮᠣᠩᠭᠤᠯ ᠤᠨ ᠡᠮᠴᠢᠯᠡᠭᠡ ᠶᠢ ᠲᠤᠰᠠᠯᠠᠬᠤ ᠡᠮᠴᠢᠯᠡᠭᠡᠨ ᠤ ᠠᠩᠭᠢ ᠪᠣᠯᠤᠨ᠎ᠠ᠂ ᠠᠮᠢᠰᠬᠤᠯ ᠤᠨ ᠳᠣᠲᠣᠷ ᠰᠠᠯᠠᠭ᠎ᠠ᠂ᠰᠢᠩᠭᠡᠭᠡᠯᠲᠡ  ᠶᠢᠨ ᠰᠠᠯᠠᠭ᠎ᠠ᠂ ᠴᠢᠬᠢ ᠬᠠᠮᠠᠷ ᠬᠤᠭᠤᠯᠠᠶ  ᠶᠢᠨ ᠰᠠᠯᠠᠭ᠎ᠠ᠂ ᠮᠢᠨᠴᠦᠭᠦᠷᠡᠭᠦᠯᠬᠦ ᠰᠠᠯᠠᠭ᠎ᠠ᠂ ᠮᠡᠳᠡᠷᠡᠯ ᠤᠨ ᠳᠣᠲᠣᠷ ᠰᠠᠯᠠᠭ᠎ᠠ ᠪᠠ ᠭᠠᠵᠢᠮᠠᠯ ᠤᠷᠪᠠᠯ ᠤᠨ ᠰᠠᠯᠠᠭᠠᠨ ᠤ ᠵᠢᠷᠭᠤᠭᠠᠨ ᠲᠤᠰᠬᠠᠶ ᠮᠡᠷᠭᠡᠵᠢᠯᠲᠡᠨ  ᠢᠶᠠᠷ ᠪᠦᠷᠢᠯᠳᠦᠵᠡᠶ᠃ᠮᠠᠨ ᠤ ᠡᠨᠡ ᠤᠳᠠᠭᠠᠨ ᠤ ᠠᠶᠠᠯᠠᠯ ᠤᠨ ᠵᠣᠷᠢᠯᠭ᠎ᠠ ᠪᠣᠯ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠬᠦᠷᠭᠡᠵᠦ᠂ ᠲᠤᠭᠳᠠᠬᠤ ᠰᠢᠶᠠᠨ ᠤ ᠠᠷᠠᠳ ᠣᠯᠠᠨ ᠳᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠭᠡᠬᠦ  ᠶᠢᠨ ᠲᠥᠯᠥᠭᠡ ᠶᠤᠮ᠃ ᠡᠭᠦᠨ ᠤ ᠬᠠᠮᠲᠤ᠂ ᠪᠢᠳᠡ ᠪᠠᠰᠠ ᠲᠤᠭᠳᠠᠬᠤ ᠰᠢᠶᠠᠨ ᠤ ᠡᠮᠨᠡᠯᠭᠡ  ᠶᠢᠨ ᠬᠤᠷᠢᠶ᠎ᠠ  ᠲᠠᠢ ᠬᠠᠮᠲᠤ ᠪᠠᠷ ᠰᠠᠨᠠᠯ ᠢᠶᠠᠨ ᠰᠣᠯᠢᠯᠴᠠᠵᠤ᠂ ᠬᠠᠮᠵᠢᠯᠴᠠᠬᠤ ᠲᠤᠷᠰᠢᠯᠭ᠎ᠠ  ᠪᠠᠨ ᠬᠤᠪᠢᠶᠠᠯᠴᠠᠬᠤ ᠶᠢ ᠬᠦᠰᠡᠵᠦ ᠪᠠᠶᠢᠨ᠎ᠠ︾ ᠭᠡᠵᠦ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠬᠦᠨᠳᠦ ᠡᠪᠡᠳᠴᠢᠨ  ᠤ ᠡᠮᠨᠡᠯᠭᠡ ᠶᠢᠨ ᠰᠠᠯᠠᠭᠠᠨ ᠤ ᠳᠡᠳ᠋ ᠡᠷᠬᠢᠯᠡᠭᠴᠢ ᠡᠮᠴᠢ᠂ ᠳᠡᠳ᠋ ᠫᠷᠣᠹᠧᠰᠰᠣᠷ ᠫᠧᠨ ᠮᠢᠩ ᠰᠤᠷᠪᠤᠯᠵᠢᠯᠠᠭᠴᠢ ᠳᠤ ᠬᠡᠯᠡᠪᠡ᠃      ᠡᠶᠢᠮᠦᠷᠬᠦᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠡᠷᠬᠢᠯᠡᠬᠦ ᠪᠠᠷ ᠳᠠᠮᠵᠢᠨ᠂ ᠪᠢᠳᠡ ᠨᠡᠩ ᠤᠯᠠᠨ ᠦᠨᠳᠦᠰᠦᠨ ᠱᠠᠲᠤᠨ ᠤ ᠤᠯᠠᠨ ᠲᠦᠮᠡᠨ ᠳᠤ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠪᠣᠯᠤᠨ ᠦᠢᠯᠡᠴᠢᠯᠡᠭᠡ  ᠶᠢ ᠬᠦᠷᠲᠡᠭᠡᠵᠦ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠡᠢ᠂ ᠡᠪᠡᠳᠴᠢᠨ ᠦᠵᠡᠭᠦᠯᠬᠦ ᠳᠤ ᠦᠨᠡᠲᠡᠢ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢ ᠬᠦᠰᠡᠵᠦ ᠪᠠᠶᠢᠨ᠎ᠠ᠃ ᠡᠭᠦᠨ  ᠤ ᠬᠠᠮᠲᠤ᠂ ᠪᠢᠳᠡ ᠪᠠᠰᠠ ᠡᠶᠢᠮᠦᠷᠬᠦᠦ ᠠᠵᠢᠯᠯᠠᠭ᠎ᠠ ᠪᠠᠷ ᠳᠠᠮᠵᠢᠭᠤᠯᠤᠨ ᠤᠯᠠᠨ ᠤ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠵᠦ᠂ ᠬᠥᠮᠦᠨ ᠨᠢᠭᠡᠪᠦᠷᠢ ᠶᠢ ᠥᠪᠡᠷ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ  ᠢᠶᠠᠨ ᠠᠩᠬᠠᠷᠬᠤ  ᠶᠢ ᠬᠦᠰᠡᠵᠦ  ᠪᠠᠶᠢᠨ᠎ᠠ᠃ ᠢᠷᠡᠭᠡᠳᠦᠢ ᠳᠤ᠂ ᠪᠢᠳᠡ ᠦᠷᠭᠦᠯᠵᠢᠯᠡᠨ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ ᠵᠡᠷᠭᠡ ᠤᠯᠤᠰ ᠤᠨ ᠳᠣᠲᠣᠭᠠᠳᠤ  ᠶᠢᠨ ᠲᠡᠷᠢᠭᠦᠨ  ᠤ ᠡᠮᠨᠡᠯᠭᠡ  ᠶᠢᠨ ᠬᠤᠷᠢᠶ᠎ᠠ ᠲᠠᠢ ᠬᠠᠮᠲᠤᠷᠠᠯᠴᠠᠵᠤ᠂ ᠡᠶᠢᠮᠦᠷᠬᠦᠦ ᠨᠡᠶᠢᠲᠡ  ᠶᠢᠨ ᠠᠰᠠᠷᠠᠮᠵᠢ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠠᠮᠠᠭᠠᠯᠠᠨ᠎ᠠ︾ ᠭᠡᠵᠣ ᠲᠣᠭᠲᠠᠬᠤ ᠰᠢᠶᠠᠨ ᠤ ᠡᠮᠨᠡᠯᠭᠡ  ᠶᠢᠨ ᠬᠤᠷᠢᠶᠠᠨ  ᠤ ᠨᠠᠮ ᠤᠨ ᠶᠡᠷᠦᠩᠬᠡᠢ ᠡᠭᠦᠷ ᠤᠨ ᠱᠤᠤᠵᠢ ᠯᠢᠦ ᠶᠢᠦ ᠵᠢᠶᠦ᠋ᠨ ᠬᠡᠯᠡᠪᠡ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号