| 5 ᠳ᠋ᠤᠭᠠᠷ ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠳ᠋ᠠ ᠲᠠᠩ ᠣᠯᠠᠨ ᠤᠯᠤᠰ ᠤᠨ ᠲᠣᠭᠲᠠᠬᠤ | ᠴᠠᠬᠢᠯᠭᠠᠨ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠠᠢᠮᠠᠳᠤᠭᠠᠷ ᠳᠤᠮᠳᠠᠳᠤ ᠤᠯᠤᠰ ᠤᠨ | ᠨᠠᠷᠠᠲᠤ ᠲᠡᠮᠳᠡᠭᠲᠦ ᠶᠢᠨ ᠡᠳᠦᠷ ᠢᠶᠠᠷ ᠠᠵᠠ ᠲᠣᠬᠢᠶᠠᠯ ᠪᠣᠯᠭᠠᠵᠤ᠂ ︽ᠪᠣᠬᠢᠷᠲᠤᠯ ᠥᠬᠡᠶ ᠡᠨᠧᠷᠭᠢ ᠬᠠᠩᠭᠠᠵᠤ | ᠰᠠᠶᠢᠨ ᠰᠠᠶᠢᠬᠠᠨ ᠠᠮᠢᠳᠤᠷᠠᠯ ᠢ ᠭᠡᠷᠡᠯᠳᠦᠭᠦᠯᠦᠶᠡ︾ ᠭᠡᠬᠦ 2024 ᠣᠨ ᠤ ᠳ᠋ᠠ ᠲᠠᠩ ᠪᠦᠯᠦᠭᠯᠡᠯ ᠤᠨ ᠠᠵᠤ | ᠠᠬᠤᠶᠢᠯᠠᠯ ᠤᠨ ᠨᠡᠭᠡᠭᠡᠯᠲᠡᠲᠦ ᠡᠳᠦᠷ ᠤᠨ ᠠᠵᠢᠯᠯᠠᠭ᠎ᠠ ᠶᠢ ᠡᠷᠭᠢᠯᠡᠵᠦ᠂ ᠠᠵᠤ ᠠᠬᠤᠶᠢᠯᠠᠯ ᠬᠢᠭᠡᠳ ᠨᠡᠶᠢᠭᠡᠮ ᠤᠨ | ᠬᠤᠭᠤᠷᠣᠨᠳᠣᠬᠢ ︽ᠰᠡᠳᠬᠢᠯ ᠤᠨ ᠬᠥᠭᠦᠷᠭᠡ︾ ᠶᠢ ᠪᠠᠶᠢᠭᠤᠯᠪᠠ᠃ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ ᠨᠡᠶᠢᠲᠡ 100 ᠭᠠᠷᠤᠶ ᠬᠥᠮᠦᠨ ᠣᠳᠣᠬᠢᠴᠢᠯᠠᠭᠰᠠᠨ ᠴᠠᠬᠢᠯᠭᠠᠨ ᠬᠦᠴᠦᠨ ᠤ ᠠᠵᠤ | ᠠᠬᠤᠶᠢᠯᠠᠯ ᠤᠨ ᠷᠢᠳᠢ ᠰᠢᠳᠢ ᠶᠢ ᠲᠤᠬᠠᠶ ᠶᠢᠨ ᠭᠠᠵᠠᠷ ᠲᠤᠨᠢ ᠮᠡᠳᠡᠷᠡᠵᠦ᠂ ᠠᠵᠤ ᠠᠬᠤᠶᠢᠯᠠᠯ ᠤᠨ | ᠤᠶᠤᠨᠴᠢᠯᠠᠭᠰᠠᠨ ᠬᠠᠮᠢᠶᠠᠷᠤᠯᠲᠠ ᠡᠵᠡᠮᠳᠡᠯ ᠤᠨ ᠬᠡᠷᠡᠭᠯᠡᠯᠲᠡ ᠶᠢ ᠣᠶᠢᠯᠠᠭᠠᠵᠤ᠂ ᠴᠠᠬᠢᠯᠭᠠᠨ ᠭᠠᠷᠭᠠᠬᠤ ᠶᠠᠪᠤᠴᠠ ᠶᠢ | ᠰᠣᠨᠢᠷᠬᠠᠪᠠ᠃ | ︽ᠠᠵᠢᠯᠯᠠᠭ᠎ᠠ ᠶᠢᠨ ᠵᠣᠷᠢᠯᠭ᠎ᠠ ᠨᠢ ᠳᠤᠮᠳᠠᠳᠤ ᠤᠯᠤᠰ ᠤᠨ ᠳ᠋ᠠ ᠲᠠᠩ ᠥᠪᠥᠷ ᠮᠣᠩᠭᠤᠯ ᠳᠠᠬᠢ | ᠬᠥᠭᠵᠢᠯᠲᠡ ᠶᠢᠨ ᠶᠠᠪᠤᠴᠠ ᠪᠠ ᠠᠮᠵᠢᠯᠲᠠ ᠪᠦᠲᠦᠮᠵᠢ ᠶᠢ ᠤᠬᠠᠭᠤᠯᠵᠤ᠂ ᠰᠢᠨ᠎ᠡ ᠴᠠᠭ ᠦᠶ᠎ᠡ ᠶᠢᠨ ᠳ᠋ᠠ ᠲᠠᠩ | ᠠᠵᠤ ᠠᠬᠤᠶᠢᠯᠠᠯ ᠤᠨ ᠰᠣᠶᠣᠯ᠂ ᠬᠥᠭᠵᠢᠯᠲᠡ ᠶᠢᠨ ᠦᠷ᠎ᠡ ᠪᠦᠲᠦᠭᠡᠯ ᠪᠠ ᠢᠷᠡᠭᠡᠳᠦᠶ ᠶᠢᠨ ᠲᠥᠯᠥᠪᠵᠢᠭᠦᠯᠭᠡ ᠶᠢ | ᠳᠡᠯᠭᠡᠨ ᠦᠵᠡᠭᠦᠯᠵᠦ᠂ ᠠᠵᠤ ᠠᠬᠤᠶᠢᠯᠠᠯ ᠤᠨ ᠳᠦᠷᠢ ᠲᠥᠷᠬᠦ ᠪᠠ ᠨᠠᠷᠠᠲᠤ ᠲᠥᠷᠥᠯ ᠲᠡᠮᠳᠡᠭᠲᠦ ᠶᠢᠨ ᠦᠨ᠎ᠡ | ᠥᠷᠲᠡᠭ ᠢ ᠳᠡᠭᠡᠭᠰᠢᠯᠡᠭᠦᠯᠦᠨ᠂ ᠨᠡᠶᠢᠭᠡᠮ ᠤᠨ ᠢᠷᠠᠭᠤ ᠠᠯᠳᠠᠷ ᠤᠨ ᠬᠡᠮᠵᠢᠶ᠎ᠡ ᠪᠠ ᠣᠯᠠᠨ ᠤᠯᠤᠰ ᠤᠨ ᠠᠯᠳᠠᠷᠰᠢᠯ ᠢ | ᠳᠡᠭᠡᠭᠰᠢᠯᠡᠭᠦᠯᠵᠦ᠂ ᠪᠦᠯᠦᠭᠯᠡᠯ ᠺᠣᠮᠫᠠᠨᠢ ᠳᠤ ︽ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ᠂ | ᠣᠯᠠᠨ ᠡᠨᠧᠷᠭᠢ ᠪᠠᠷ ᠬᠠᠷᠢᠯᠴᠠᠨ ᠨᠥᠬᠦᠪᠥᠷᠢᠯᠡᠬᠦ᠂ ᠥᠨᠳᠥᠷ ᠪᠦᠲᠦᠮᠵᠢᠲᠡᠶ ᠪᠠᠷ ᠬᠠᠮᠵᠢᠯᠴᠠᠬᠤ᠂ ᠲᠣᠭᠠᠴᠢᠯᠠᠭᠰᠠᠨ | ᠤᠶᠤᠨ︾ ᠳᠡᠯᠡᠬᠡᠶ ᠶᠢᠨ ᠲᠡᠷᠢᠭᠦᠨ ᠤ ᠡᠨᠧᠷᠭᠢ ᠶᠢᠨ ᠬᠠᠩᠭᠠᠯᠭ᠎ᠠ ᠶᠢᠨ ᠬᠤᠳᠠᠯᠳᠤᠭᠠᠴᠢᠨ ᠳᠤ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠳᠠᠭᠠᠭᠤᠯᠤᠭᠴᠢ ᠠᠵᠤ ᠠᠬᠤᠶᠢᠯᠠᠯ ᠪᠣᠯᠵᠤ ᠥᠪᠥᠷ | ᠮᠣᠩᠭᠤᠯ ᠳᠤ ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ ᠶᠤᠮ︾ ᠭᠡᠵᠤ ᠥᠪᠥᠷ ᠮᠣᠩᠭᠤᠯ ᠤᠨ ᠳ᠋ᠠ ᠲᠠᠩ | ᠣᠯᠠᠨ ᠤᠯᠤᠰ ᠤᠨ ᠲᠣᠭᠲᠠᠬᠤ ᠴᠠᠬᠢᠯᠭᠠᠨ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ | ᠪᠠ ᠣᠯᠠᠨ ᠲᠦᠮᠡᠨ ᠤ ᠠᠵᠢᠯ ᠤᠨ ᠬᠡᠯᠲᠡᠰ ᠤᠨ ᠤᠬᠠᠭᠤᠯᠭ᠎ᠠ ᠶᠢᠨ ᠭᠤᠤᠯ ᠬᠠᠮᠢᠶᠠᠷᠤᠭᠴᠢ ᠴᠧᠨ ᠰᠢᠶᠤᠤ ᠲᠦᠩ | ᠲᠠᠨᠢᠯᠴᠠᠭᠤᠯᠵᠠᠶ᠃ | ᠣᠢᠯᠠᠭᠠᠭᠰᠠᠨ ᠢᠶᠠᠷ᠂ ᠲᠤᠰ ᠺᠣᠮᠫᠠᠨᠢ ᠪᠣᠯ ᠤᠯᠤᠰ ᠤᠨ ︽10 · 5︾ ᠤ ᠲᠥᠯᠥᠪᠯᠡᠭᠡ ᠶᠢᠨ ᠭᠤᠣᠯᠳᠠᠯᠭ᠎ᠠ | ᠲᠠᠢ ᠪᠦᠲᠦᠭᠡᠨ ᠪᠠᠢᠭᠤᠯᠤᠯᠲᠠ ᠶᠢᠨ ᠲᠥᠷᠥᠯ ᠵᠦᠢᠯ ᠪᠣᠯᠤᠨ᠎ᠠ᠂ ︽ᠪᠠᠷᠠᠭᠤᠨ ᠣᠷᠣᠨ ᠢ ᠶᠡᠬᠡᠪᠡᠷ ᠨᠡᠭᠡᠭᠡᠨ | ᠬᠥᠭᠵᠢᠭᠦᠯᠬᠦ︾ ᠪᠠ ︽ᠪᠠᠷᠠᠭᠤᠨ ᠣᠷᠣᠨ ᠤ ᠴᠠᠬᠢᠯᠭᠠᠨ ᠢ ᠵᠠᠭᠦᠨᠰᠢ ᠬᠦᠷᠭᠡᠬᠦ︾ ᠡᠨᠧᠷᠭᠢ ᠶᠢᠨ ᠪᠠᠢᠯᠳᠤᠬᠤ | ᠪᠣᠳᠣᠯᠭ᠎ᠠ ᠶᠢᠨ ᠭᠤᠣᠯᠳᠠᠯᠭ᠎ᠠ ᠲᠠᠢ ᠢᠨᠵᠧᠨᠧᠷᠢᠩ ᠪᠣᠯᠤᠨ᠎ᠠ᠂ ᠬᠠᠮᠢᠶᠠᠷᠤᠯᠲᠠ ᠶᠢᠨ ᠲᠠᠯ᠎ᠠ ᠪᠠᠷ ᠪᠠᠶᠢᠭᠤᠯᠵᠤ | ᠪᠠᠶᠢᠭ᠎ᠠ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 873 ᠲᠦᠮᠡᠨ ᠺᠢᠯᠣᠸᠠᠲ ᠪᠠᠢᠵᠤ᠂ ᠵᠢᠯ ᠤᠨ | ᠴᠠᠬᠢᠯᠭᠠᠨ ᠭᠠᠷᠭᠠᠬᠤ ᠬᠡᠮᠵᠢᠶ᠎ᠡ ᠨᠢ ᠪᠠᠷᠤᠭ ᠪᠡᠭᠡᠵᠢᠩ ᠣᠷᠣᠨ ᠤ ᠨᠡᠶᠢᠭᠡᠮ ᠤᠨ ᠶᠡᠷᠦᠩᠬᠡᠢ ᠴᠠᠬᠢᠯᠭᠠᠨ ᠬᠡᠷᠡᠭᠯᠡᠬᠦ | ᠬᠡᠮᠵᠢᠶ᠎ᠡ ᠶᠢᠨ 25% ᠶᠢ ᠡᠵᠡᠯᠡᠵᠦ᠂ ᠪᠡᠭᠡᠵᠢᠩ ᠲᠢᠶᠠᠨᠵᠢᠨ ᠤ ᠴᠠᠬᠢᠯᠭᠠᠨ ᠲᠣᠣᠷ ᠤᠨ ᠴᠢᠬᠤᠯᠠ ᠴᠠᠬᠢᠯᠭᠠᠨ | ᠡᠭᠦᠰᠭᠡᠭᠴᠢ ᠪᠣᠯᠤᠨ᠎ᠠ᠃ ᠣᠳᠣᠬᠠᠨ ᠳᠤ᠂ ᠲᠣᠰ ᠺᠣᠮᠫᠠᠨᠢ ᠮᠧᠩ ᠰᠢ ᠲᠣᠭᠲᠠᠬᠤ 200 ᠲᠦᠮᠡᠨ ᠺᠢᠯᠣᠸᠠᠲ ᠤᠨ | ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠮᠢᠩᠭᠠᠨ ᠲᠦᠮᠡᠨ | ᠺᠢᠯᠣᠸᠠᠲ ᠤᠨ ᠲᠠᠰ ᠤᠨ ︽ ᠰᠠᠯᠬᠢ ᠭᠡᠷᠡᠯ ᠢᠯᠴᠢ ᠬᠠᠳᠠᠭᠠᠯᠠᠬᠤ︾ ᠣᠯᠠᠨ ᠡᠨᠧᠷᠭᠢ ᠪᠠᠷ ᠬᠠᠷᠢᠯᠴᠠᠨ ᠨᠥᠬᠦᠪᠥᠷᠢᠯᠡᠬᠦ | ᠶᠡᠷᠦᠩᠬᠡᠶᠢᠯᠡᠭᠰᠡᠨ ᠡᠨᠧᠷᠭᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠪᠠ᠃ 2023 ᠣᠨ ᠤ 12 | ᠳ᠋ᠤᠭᠠᠷ ᠰᠠᠷ᠎ᠠ ᠳᠤ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠲᠥᠷᠥᠯ ᠵᠦᠢᠯ ᠤᠨ ᠲᠦᠷᠦᠭᠦᠦ ᠪᠦᠯᠦᠭ ᠮᠠᠰᠢᠨ | ᠴᠣᠭᠴᠠᠯᠠᠪᠤᠷᠢ ᠨᠢ ᠵᠢᠩᠬᠢᠨᠢ ᠪᠠᠷ ᠲᠣᠣᠷ ᠲᠤ ᠨᠡᠶᠢᠯᠡᠭᠦᠯᠵᠦ᠂ ᠪᠣᠬᠢᠷᠳᠤᠯ ᠦᠭᠡᠢ ᠴᠠᠬᠢᠯᠭᠠᠨ ᠢ ᠪᠡᠭᠡᠵᠢᠩ ᠳᠤ | ᠣᠷᠣᠭᠤᠯᠬᠤ ᠶᠢ ᠪᠡᠶᠡᠯᠡᠭᠦᠯᠪᠡ᠃ ᠬᠥᠬᠡᠬᠤᠲᠠ ᠶᠢᠨ ᠰᠢᠨ᠎ᠡ ᠪᠠᠷ ᠨᠡᠮᠡᠭᠳᠡᠭᠰᠡᠨ ᠢᠯᠴᠢ ᠶᠢᠨ ᠢᠷᠡᠯᠲᠡ ᠶᠢᠨ ᠴᠡᠭ | ᠪᠣᠯᠤᠭᠰᠠᠨ ᠤ ᠬᠤᠪᠢ ᠳᠤ᠂ 2023 ᠣᠨ ᠤ 11 ᠳ᠋ᠤᠭᠡᠷ ᠰᠠᠷ᠎ᠠ ᠳᠤ 2000 ᠲᠦᠮᠡᠨ ᠲᠡᠭᠰᠢ ᠳᠥᠷᠪᠡᠯᠵᠢᠨ | ᠮᠧᠲᠷ ᠠᠴᠠ ᠳᠡᠭᠡᠭᠰᠢᠬᠢ ᠢᠯᠴᠢ ᠬᠠᠩᠭᠠᠬᠤ ᠴᠢᠳᠠᠪᠤᠷᠢ ᠶᠢ ᠵᠢᠩᠬᠢᠨᠢ ᠪᠠᠷ ᠪᠦᠷᠢᠯᠳᠦᠭᠦᠯᠵᠦ᠂ ᠣᠷᠣᠨ ᠤ ᠲᠥᠪ | ᠬᠤᠲᠠ ᠶᠢᠨ ᠰᠠᠭᠤᠭᠠᠯᠢ ᠠᠷᠠᠳ ᠲᠤ ᠳ᠋ᠠ ᠲᠠᠩ ᠤᠨ ︽ᠳᠤᠯᠠᠭᠠᠨ ᠤ ᠬᠡᠮᠵᠢᠶ᠎ᠡ︾ ᠶᠢ ᠬᠦᠷᠭᠡᠵᠦ᠂ ︽ᠨᠡᠶᠢᠰᠯᠡᠯ ᠳᠤ | ᠴᠠᠬᠢᠯᠭᠠᠨ ᠬᠦᠷᠭᠡᠵᠦ᠂ ᠣᠷᠣᠨ ᠤ ᠲᠥᠪ ᠬᠤᠲᠠ ᠳᠤ ᠢᠯᠴᠢ ᠬᠠᠩᠭᠠᠬᠤ︾ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ᠂ ᠲᠥᠪ ᠤᠨ ᠡᠨᠧᠷᠭᠢ ᠶᠢᠨ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠲᠤᠯᠭᠠᠭᠤᠷᠢ ᠪᠣᠯᠬᠤ | ᠦᠢᠯᠡᠳᠦᠯ ᠢ ᠢᠯᠡᠷᠡᠭᠦᠯᠪᠡ᠃ | |