2024 ᠣᠨ ᠳᠤ ᠪᠥᠬᠦ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ  ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/27
     5 ᠰᠠᠷ᠎ᠠ ᠶᠢᠨ 20  ᠤ ᠡᠳᠦᠷ  ᠤᠨ ᠦᠳᠡ  ᠶᠢᠨ ᠡᠮᠦᠨ᠎ᠡ᠂ ᠬᠤᠲᠠ  ᠶᠢᠨ ᠨᠠᠮ  ᠤᠨ ᠬᠤᠷᠢᠶᠠᠨ  ᠤ ᠳᠡᠳ᠋ ᠱᠦᠵᠢ᠂ ᠬᠤᠲᠠ  ᠶᠢᠨ ᠳᠠᠷᠤᠭ᠎ᠠ ᠯᠤᠸᠠᠨ ᠲᠢᠶᠠᠨ ᠮᠧᠩ 2024 ᠣᠨ  ᠤ ᠪᠥᠬᠦ ᠬᠤᠲᠠ  ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ  ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠬᠤᠲᠠ  ᠶᠢᠨ ᠪᠠᠶᠢᠩᠭᠤ ᠶᠢᠨ ᠳᠡᠳ᠋ ᠳᠠᠷᠤᠭ᠎ᠠ ᠲᠢᠶᠠᠨ ᠴᠧᠨ ᠭᠤᠸᠠᠩ ᠲᠥᠪ  ᠤᠨ ᠠᠮᠢ ᠠᠬᠤᠢ ᠶᠢᠨ ᠣᠷᠴᠢᠨ ᠨᠥᠬᠦᠴᠡᠯ  ᠤᠨ ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ᠂ ︽ᠡᠷᠬᠢᠨ ᠬᠠᠷᠠᠬᠤ︾ ᠠᠵᠢᠯ ᠢ ᠥᠷᠨᠢᠭᠦᠯᠦᠭᠰᠡᠨ ᠵᠢᠴᠢ ᠪᠥᠬᠦ ᠬᠤᠲᠠ ᠶᠢᠨ ᠬᠤᠲᠠ ᠬᠥᠳᠡᠭᠡ  ᠶᠢᠨ ᠬᠤᠭ ᠨᠣᠪᠰᠢ ᠶᠢ ᠲᠤᠰᠬᠠᠢ ᠴᠡᠭᠴᠡᠯᠡᠨ ᠵᠠᠰᠠᠭᠰᠠᠨ ᠪᠠᠶᠢᠳᠠᠯ ᠢ ᠮᠡᠳᠡᠭᠳᠡᠪᠡ᠃ ᠬᠤᠲᠠ ᠶᠢᠨ ᠳᠡᠳ᠋ ᠳᠠᠷᠤᠭ᠎ᠠ ᠰᠦᠨ ᠬᠠᠢ ᠲᠤᠸ᠂ ᠹᠦ᠋ ᠱᠧᠦ ᠯᠢ ᠬᠤᠷᠠᠯ ᠳᠤ ᠣᠷᠣᠯᠴᠠᠵᠠᠢ᠃      ᠬᠤᠷᠠᠯ ᠠᠴᠠ᠂ ᠪᠦᠬᠦ ᠬᠤᠳᠠ  ᠪᠠᠷ  ᠢᠶᠠᠨ ᠡᠷᠬᠡᠪᠰᠢ ᠬᠡᠷᠡᠭ  ᠢᠶᠠᠷ ᠲᠣᠯᠢ ᠪᠣᠯᠭᠠᠵᠤ᠂ ᠮᠠᠨ  ᠤ ᠬᠤᠳᠠ  ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ  ᠶᠢᠨ ᠠᠵᠢᠯ ᠢ ᠴᠢᠩᠭᠠᠳᠬᠠᠬᠤ  ᠶᠢᠨ ᠲᠤᠶᠢᠯ  ᠤᠨ ᠴᠢᠬᠤᠯᠠ ᠴᠢᠨᠠᠷ ᠪᠣᠯᠣᠨ ᠪᠣᠳᠠᠲᠠᠢ ᠲᠤᠯᠭᠠᠮ᠎ᠠ ᠴᠢᠨᠠᠷ  ᠢ ᠭᠦᠢᠴᠡᠳ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ  ᠤ ᠬᠠᠮᠠᠭᠠᠯᠠᠯᠲᠠ  ᠶᠢᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠤᠯᠤᠰ  ᠤᠨ ᠠᠮᠢ ᠠᠬᠤᠢ  ᠶᠢᠨ ᠠᠮᠤᠷ ᠲᠦᠪᠰᠢᠨ  ᠢ ᠬᠠᠮᠠᠭᠠᠯᠠᠬᠤ᠂ ᠮᠠᠨ  ᠤ ᠤᠯᠤᠰ ᠤᠨ ᠤᠮᠠᠷᠠᠲᠤ  ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ  ᠤ ᠬᠠᠯᠬᠠᠪᠴᠢ  ᠶᠢ ᠪᠠᠬᠢᠵᠢᠭᠦᠯᠬᠦ ᠴᠢᠬᠤᠯᠠ ᠶᠡᠭᠡ ᠤᠯᠤᠰ ᠲᠦᠷᠦ  ᠶᠢᠨ ᠬᠠᠷᠢᠭᠤᠴᠠᠯᠭ᠎ᠠ  ᠶᠢ ᠦᠨᠡᠨᠬᠦ ᠡᠭᠦᠷᠭᠡᠯᠡᠬᠦ ᠬᠡᠷᠡᠭᠲᠡᠢ᠃ ᠡᠷᠬᠡᠪᠰᠢ ᠭᠦᠨᠵᠡᠭᠡᠢ ᠠᠭᠤᠳᠠᠯᠤᠨ ᠲᠤᠶᠢᠯᠪᠤᠷᠢᠲᠠᠢ ᠪᠠᠶᠢᠴᠠᠭᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠵᠢᠴᠢ ᠡᠯ᠎ᠡ ᠲᠦᠷᠦᠯ ᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠬᠥᠬᠡ ᠣᠭᠲᠠᠷᠭᠤᠢ᠂ ᠬᠥᠬᠡᠮᠳᠦᠭ ᠤᠰᠤ ᠪᠣᠯᠣᠨ ᠬᠥᠷᠥᠰᠥ ᠰᠢᠷᠣᠢ ᠶᠢ ᠴᠡᠪᠡᠷᠰᠢᠭᠦᠯᠬᠦ ᠢᠨᠵᠧᠨᠧᠷᠢᠩ   ᠢ ᠬᠦᠴᠦᠯᠡᠨ ᠰᠠᠶᠢᠲᠤᠷ ᠬᠡᠷᠡᠭᠵᠢᠭᠦᠯᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠪᠡᠯᠴᠢᠭᠡᠷ ᠡᠯᠡᠰᠦ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠬᠤᠶᠠᠷ ᠶᠡᠭᠡ ᠡᠯᠡᠰᠦᠷᠬᠡᠭ ᠭᠠᠵᠠᠷ︾  ᠤᠨ ᠰᠥᠨᠥᠭᠡᠬᠦ ᠳᠠᠶᠢᠯᠠᠯᠳᠤᠭᠠᠨ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠤ ᠠᠬᠤᠢ ᠨᠡᠶᠢᠭᠡᠮ  ᠤᠨ ᠬᠥᠭᠵᠢᠯᠲᠡ ᠶᠢᠨ ᠠᠷᠭ᠎ᠠ ᠬᠡᠯᠪᠡᠷᠢ ᠶᠢᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ  ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠡᠷᠬᠡᠪᠰᠢ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠬᠢᠨ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠡᠯ᠎ᠡ ᠪᠦᠷᠢᠯᠳᠦᠭᠦᠨ ᠨᠢᠭᠡᠴᠡ ᠶᠢᠨ ᠬᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠰ ᠲᠤᠰ  ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦ  ᠪᠠᠨ ᠬᠠᠮᠲᠤᠳᠬᠠᠨ ᠬᠠᠮᠵᠢᠯᠴᠠᠵᠤ᠂ ᠠᠮᠢ ᠠᠬᠤᠢ  ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠵᠤ᠂ ᠪᠦᠬᠦ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠰᠢᠦᠢ ᠯᠢ ᠵᠢᠶᠦ᠋ᠨ᠂ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ᠬᠤᠷᠠᠯ ᠨᠢ ᠳᠦᠷᠰᠦ ᠨᠡᠪᠲᠡᠷᠡᠭᠦᠯᠭᠡ ᠶᠢᠨ ᠬᠡᠯᠪᠡᠷᠢ ᠪᠠᠷ ᠡᠯ᠎ᠡ ᠬᠤᠰᠢᠭᠤ ᠰᠢᠶᠠᠨ ᠲᠣᠭᠤᠷᠢᠭ ᠲᠤ ᠶᠠᠪᠤᠭᠳᠠᠪᠠ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号