ᠬᠤᠸᠠᠩ ᡁᠢ ᠴᠢᠶᠠᠩ ᠠᠭᠤᠷᠬᠠᠶ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ᠪᠠ ᠠᠶᠤᠯᠲᠠᠶ ᠬᠢᠮᠢ ᠶᠢᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠤᠨ ᠲᠤᠬᠠᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/5/27
      5 ᠰᠠᠷ᠎ᠠ ᠶᠢᠨ 15 ᠤ ᠡᠳᠦᠷ ᠠᠴᠠ 16  ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ  ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠣᠷᠳᠣᠰ ᠬᠤᠲᠠ᠂ ᠦᠬᠠᠶ ᠬᠤᠲᠠ  ᠳᠤ ᠠᠭᠤᠷᠬᠠᠶ ᠶᠢᠨ ᠠᠮᠤᠷ ᠲᠦᠪᠰᠢᠨ  ᠢ ᠴᠡᠭᠴᠡᠯᠡᠨ ᠵᠠᠰᠠᠬᠤ ᠪᠠ ᠠᠶᠤᠯᠲᠠᠶ ᠬᠢᠮᠢ  ᠶᠢᠨ ᠠᠵᠤ ᠠᠬᠤᠶᠢᠯᠠᠯ  ᠤᠨ ᠪᠠᠴᠢᠮ ᠪᠠᠶᠢᠳᠠᠯ  ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ  ᠶᠢᠨ ᠪᠠᠶᠢᠭᠤᠯᠤᠯᠲᠠ ᠶᠢᠨ ᠠᠵᠢᠯ ᠤᠨ ᠲᠤᠬᠠᠢ ᠬᠢᠨᠠᠨ ᠵᠢᠯᠣᠭᠤᠳᠪᠠ᠃     ᠬᠤᠸᠠᠩ ᡁᠢ ᠴᠢᠶᠠᠩ ᠭᠤᠣᠯᠳᠠᠯᠭ᠎ᠠ ᠲᠠᠢ ᠠᠭᠤᠷᠬᠠᠢ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ᠂ ᠠᠶᠤᠯᠲᠠᠢ ᠬᠢᠮᠢ  ᠶᠢᠨ ᠠᠵᠤ ᠠᠬᠤᠶᠢᠯᠠᠯ  ᠤᠨ ᠠᠶᠤᠯᠭᠦᠢ ᠦᠢᠯᠡᠳᠪᠦᠷᠢᠯᠡᠯ ᠵᠢᠴᠢ ᠪᠠᠴᠢᠮ ᠪᠠᠶᠢᠳᠠᠯ  ᠢ ᠠᠷᠭᠠᠴᠠᠭᠠᠬᠤ ᠴᠢᠳᠠᠪᠤᠷᠢ  ᠶᠢᠨ ᠪᠠᠶᠢᠭᠤᠯᠤᠯᠲᠠ  ᠶᠢ ᠲᠤᠬᠠᠢ  ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ  ᠤᠨ  ᠬᠢᠨ ︽ᠠᠩᠬᠠᠷᠣᠯ ᠢᠶᠠᠨ ᠰᠠᠶᠢᠲᠤᠷ ᠲᠦᠪᠯᠡᠷᠡᠭᠦᠯᠵᠦ︾᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ  ᠤ ᠠᠭᠤᠷᠬᠠᠢ  ᠶᠢᠨ ᠠᠮᠤᠷ ᠲᠦᠪᠰᠢᠨ  ᠢ ᠴᠡᠭᠴᠡᠯᠡᠨ ᠵᠠᠰᠠᠬᠤ᠂ ᠠᠶᠤᠯᠲᠠᠢ ᠬᠢᠮᠢ  ᠶᠢᠨ ᠠᠵᠤ ᠠᠬᠤᠶᠢᠯᠠᠯ  ᠤᠨ ᠠᠶᠤᠯᠭᠦᠢ ᠦᠢᠯᠡᠳᠪᠦᠷᠢᠯᠡᠯ ᠵᠡᠷᠭᠡ ᠱᠠᠭᠠᠷᠳᠠᠯᠭ᠎ᠠ  ᠶᠢ ︽ᠨᠢᠭᠡᠳ ᠨᠢᠭᠡ  ᠪᠠᠷ ᠪᠣᠳᠠᠲᠠᠢ ᠳᠤ ᠨᠠᠶᠢᠳᠠᠪᠤᠷᠢᠵᠢᠭᠤᠯᠬᠤ︾ ᠬᠡᠷᠡᠭᠲᠡᠢ᠃ ᠠᠭᠤᠷᠬᠠᠢ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠵᠠᠰᠠᠬᠤ ᠠᠵᠢᠯ ᠢ ᠬᠠᠤᠯᠢ ᠲᠣᠭᠲᠠᠭᠠᠯ ᠶᠣᠰᠣᠭᠠᠷ ᠥᠷᠨᠢᠭᠦᠯᠵᠦ᠂ ︽ᠮᠠᠯᠲᠠᠬᠤ ᠶᠢᠨ ᠲᠥᠯᠥᠭᠡ ᠵᠠᠰᠠᠬᠤ︾ ︽ᠣᠷᠢᠳᠠᠪᠡᠷ ᠮᠠᠯᠲᠠᠵᠤ ᠳᠠᠷᠠᠭ᠎ᠠ  ᠨᠢ ᠵᠠᠰᠠᠬᠤ︾ ᠶᠢ ᠡᠷᠡᠰ ᠬᠤᠷᠢᠭᠯᠠᠵᠤ᠂ ᠬᠢᠨᠠᠯᠲᠠ ᠬᠠᠮᠢᠶᠠᠷᠤᠯᠲᠠ  ᠶᠢᠨ ᠪᠦᠬᠦ ᠬᠡᠯᠬᠢᠶ᠎ᠡ ᠶᠢ ᠡᠷᠡᠰ ᠴᠢᠩᠭᠠᠳᠬᠠᠬᠤ ᠬᠡᠷᠡᠭᠲᠡᠢ᠃ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠠᠶᠤᠯᠲᠠᠶ ᠬᠢᠮᠢ  ᠶᠢᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢ ᠪᠥᠲᠥᠭᠡᠨ ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ ᠤᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ︽ᠪᠠᠷᠢᠮᠵᠢᠶ᠎ᠠ ᠪᠠᠨ ᠳᠡᠭᠡᠭᠰᠢᠯᠡᠭᠦᠯᠬᠦ︾ ᠠᠵᠢᠯᠯᠠᠭ᠎ᠠ ᠶᠢ ᠱᠠᠯᠠᠪᠳᠠᠨ ᠥᠷᠨᠢᠭᠦᠯᠵᠦ᠂ ᠠᠵᠤ ᠠᠬᠤᠶᠢᠯᠠᠯ ᠤᠨ ᠭᠠᠯ ᠤᠨᠲᠠᠷᠠᠭᠠᠬᠤ ᠡᠩᠨᠡᠭᠡ  ᠶᠢ ᠪᠦᠷᠢᠨ ᠭᠦᠢᠴᠡᠳ ᠳᠣᠭᠢᠷᠠᠭᠤᠯᠤᠨ ᠬᠦᠴᠦᠷᠬᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ  ᠪᠠᠨ ᠲᠦᠷᠭᠡᠬᠡᠨ ᠳᠡᠭᠡᠭᠰᠢᠯᠡᠭᠦᠯᠵᠦ᠂ ︽ᠶᠠᠪᠤᠳᠠᠯ ᠪᠣᠯᠭᠠᠨ  ᠳᠤ ᠳᠣᠲᠣᠷ᠎ᠠ  ᠪᠠᠨ ᠲᠤᠭ᠎ᠠ  ᠲᠠᠢ ᠪᠠᠶᠢᠬᠤ︾ ᠶᠢ ᠦᠨᠡᠨᠬᠦ ᠪᠡᠶᠡᠯᠡᠭᠦᠯᠬᠦ ᠬᠡᠷᠡᠭᠲᠡᠶ ᠭᠡᠵᠡᠢ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号