ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠤᠳᠠᠭ᠎ᠠ ᠶᠢᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠬᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/27
     5 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠤᠳᠠᠭ᠎ᠠ ᠶᠢᠨ ᠤᠯᠤᠰ  ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠬᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ ᠬᠥᠬᠡᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠣᠷᠣᠯᠴᠠᠵᠤ᠂ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠨ ᠯᠢ ᠵᠢᠶᠦ᠋ᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠣᠷᠣᠯᠴᠠᠪᠠ᠃     ᠸᠠᠨ ᠯᠢ ᠵᠢᠶᠦ᠋ᠨ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠣᠭ᠎ᠠ ᠶᠢᠨ ᠡᠮᠦᠨ᠎ᠡ ᠠᠴᠠ ᠶᠡᠭᠡ ᠬᠤᠷᠠᠯ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠠᠷᠢᠶᠠᠲᠤ ᠨᠠᠷ ᠤᠨ ᠬᠤᠯᠪᠣᠭ᠎ᠠ ᠶᠢᠨ ᠠᠵᠢᠯ ᠢ ᠶᠡᠬᠡᠪᠡᠷ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠥᠪᠥᠷ ᠮᠣᠩᠭᠤᠯ ᠤᠨ ᠬᠠᠷᠢᠶᠠᠲᠤ ᠨᠠᠷ ᠤᠨ ᠬᠤᠯᠪᠣᠭ᠎ᠠ ᠶᠢᠨ ᠠᠵᠢᠯ ᠢ ᠭᠦᠢᠴᠡᠳ ᠨᠤᠲᠠᠯᠠᠪᠠ᠃ ᠲᠡᠷᠡ᠂ ᠥᠪᠥᠷ ᠮᠣᠩᠭᠤᠯ ᠤᠨ ᠡᠯ᠎ᠡ ᠱᠠᠲᠤᠨ ᠤ ᠬᠠᠷᠢᠶᠠᠲᠤ ᠨᠠᠷ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠥᠬᠡᠶ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠬᠠᠷᠢᠶᠠᠲᠤ ᠨᠠᠷ  ᠤᠨ ᠡᠲᠡᠭᠡᠳ ᠤᠨ ᠣᠯᠠᠨ ᠲᠦᠮᠡᠨ ᠤ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠠᠵᠢᠯ ᠢ ᠰᠢᠨ᠎ᠡ ᠶᠢ ᠡᠭᠦᠳᠦᠨ ᠰᠠᠶᠢᠲᠤᠷ ᠥᠷᠨᠢᠭᠦᠯᠵᠦ᠂ ᠬᠠᠷᠢᠶᠠᠲᠤ ᠨᠠᠷ ᠤᠨ ᠡᠲᠡᠭᠡᠳ ᠤᠨ ᠢᠵᠢᠯ ᠲᠥᠪᠲᠦ ᠲᠣᠭᠤᠷᠢᠭ ᠢ ᠰᠠᠶᠢᠲᠤᠷ ᠵᠢᠷᠤᠭᠯᠠᠬᠤ ᠬᠡᠷᠡᠭᠲᠡᠶ ᠭᠡᠵᠦ ᠬᠦᠰᠡᠪᠡ᠃ ᠲᠡᠷᠡ᠂ ᠬᠡᠬᠦᠳᠡᠭ ᠴᠡᠭᠡᠵᠢᠨ ᠳᠡᠭᠡᠨ《ᠤᠯᠤᠰ ᠤᠨ ᠶᠡᠭᠡ ᠬᠥᠮᠦᠨ》 ᠢ ᠪᠠᠭᠲᠠᠭᠠᠵᠤ᠂ ᠳᠣᠲᠣᠭᠠᠳᠤ ᠭᠠᠳᠠᠭᠠᠳᠤ ᠶᠢᠨ ᠬᠢᠨ ᠲᠠᠢ ᠬᠤᠯᠪᠣᠭᠠᠯᠠᠨ ᠨᠡᠪᠲᠡᠷᠡᠯᠴᠡᠬᠦ ᠳᠠᠪᠠᠭᠤᠯᠢᠭ  ᠢᠶᠠᠨ ᠭᠦᠢᠴᠡᠳ ᠪᠠᠳᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠠᠷᠢᠶᠠᠲᠤ ᠠᠬ᠎ᠠ ᠳᠡᠭᠦᠦ ᠨᠡᠷ ᠢ ᠥᠷᠭᠡᠨ ᠢᠶᠠᠷ ᠪᠦᠯᠬᠦᠮᠳᠡᠭᠦᠯᠦᠨ ᠨᠢᠭᠲᠠᠷᠠᠭᠤᠯᠵᠤ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠨᠠᠮ ᠵᠠᠰᠠᠭ ᠤᠨ ᠬᠡᠷᠡᠭᠴᠡᠭᠡ᠂ ᠬᠠᠷᠢᠶᠠᠲᠤ ᠠᠬ᠎ᠠ ᠳᠡᠭᠦᠦ ᠨᠡᠷ ᠤᠨ ᠪᠠᠴᠢᠮᠳᠠᠵᠤ ᠪᠠᠶᠢᠭ᠎ᠠ ᠵᠦᠢᠯ᠂ ᠬᠠᠷᠢᠶᠠᠲᠤ ᠨᠠᠷ ᠤᠨ ᠬᠤᠯᠪᠣᠭ᠎ᠠ ᠶᠢᠨ ᠬᠢᠵᠦ ᠳᠡᠶᠢᠯᠬᠦ ᠤᠶᠠᠯᠳᠤᠯ ᠤᠨ ᠴᠡᠭ ᠢ ᠣᠨᠣᠪᠴᠢᠲᠠᠢ ᠣᠯᠵᠤ᠂ ᠬᠠᠷᠢᠶᠠᠲᠤ ᠨᠠᠷ ᠲᠤ ᠦᠢᠯᠡᠴᠢᠯᠡᠬᠦ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠠᠢ ᠦᠷ᠎ᠡ ᠪᠦᠲᠦᠮᠵᠢ ᠭᠠᠷᠭᠠᠵᠤ᠂ ᠬᠠᠷᠢᠶᠠᠲᠤ ᠨᠠᠷ ᠤᠨ ᠰᠡᠳᠬᠢᠯ ᠢ ᠳᠤᠯᠠᠭᠠᠴᠠᠭᠤᠯᠬᠤ᠂ ᠢᠲᠡᠭᠡᠯ ᠢ ᠴᠢᠩᠭᠠᠳᠬᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠬᠠᠷᠢᠶᠠᠲᠤ ᠨᠠᠷ ᠢ ᠳᠤᠯᠠᠭᠠᠴᠠᠭᠤᠯᠵᠤ ᠬᠠᠷᠢᠶᠠᠲᠤ ᠨᠠᠷ ᠢ ᠲᠤᠰᠠᠯᠠᠵᠤ ᠬᠠᠷᠢᠶᠠᠲᠤ ᠨᠠᠷ ᠢ ᠬᠠᠮᠠᠭᠠᠯᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠬᠠᠷᠢᠶᠠᠲᠤ ᠨᠠᠷ ᠤᠨ ᠡᠲᠡᠭᠡᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠨᠠᠮ  ᠤᠨ ᠪᠠᠶᠢᠭᠤᠯᠤᠯᠲᠠ ᠪᠠᠷ ᠬᠠᠷᠢᠶᠠᠲᠤ ᠨᠠᠷ ᠤᠨ ᠪᠠᠶᠢᠭᠤᠯᠤᠯᠲᠠ ᠶᠢ ᠳᠠᠶᠢᠴᠢᠯᠠᠬᠤ ᠶᠢ ᠪᠠᠷᠢᠮᠲᠠᠯᠠᠵᠤ᠂ ᠬᠠᠷᠢᠶᠠᠲᠤ ᠨᠠᠷ  ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠤᠢ ᠭᠠᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠭᠰᠡᠨ ᠪᠥᠭᠡᠳ ᠪᠠᠶᠠᠷ ᠤᠨ ᠦᠭᠡ ᠬᠡᠯᠡᠵᠡᠶ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠦᠦᠳᠠᠭᠤᠯᠠ᠂ ᠠᠶ ᠯᠢ ᠬᠤᠸᠠ᠂ ᠠᠨ ᠷᠦᠨ ᠱᠧᠩ ᠬᠤᠷᠠᠯ  ᠳᠤ ᠣᠷᠣᠯᠴᠠᠵᠠᠶ᠃     ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶᠠᠨ ᠤ ᠬᠤᠯᠪᠣᠭᠳᠠᠯ ᠪᠦᠬᠦᠢ ᠨᠥᠬᠦᠳ ᠠᠷᠠᠳ ᠤᠨ ᠪᠦᠯᠬᠦᠮ ᠢ ᠲᠥᠯᠥᠭᠡᠯᠡᠨ ᠪᠠᠶᠠᠷ ᠤᠨ ᠦᠭᠡ ᠬᠡᠯᠡᠵᠦ᠂ ᠬᠤᠷᠠᠯ ᠳᠤ ᠣᠷᠣᠯᠴᠠᠭᠰᠠᠳ ᠥᠪᠡᠷᠲᠡᠭᠡᠨ ᠵᠠᠰᠠᠬᠤ ᠣᠷᠣᠨ ᠤ ᠬᠠᠷᠢᠶᠠᠲᠤ ᠨᠠᠷ ᠤᠨ ᠬᠤᠯᠪᠣᠭ᠎ᠠ ᠶᠢᠨ ᠳᠣᠯᠣᠳᠤᠭᠠᠷ ᠬᠤᠭᠤᠴᠠᠭᠠᠨ ᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠪᠠ᠃

5.27.1.jpg

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号