ᠬᠥᠬᠡᠬᠤᠲᠠ ᠶᠢᠨ ᠠᠩᠬᠠᠳᠠᠭᠴᠢ ᠪᠦᠯᠦᠭ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠬᠢᠨᠠᠨ ᠲᠣᠭᠲᠠᠭᠠᠭᠰᠠᠨ ᠨᠡᠷᠡᠰ ᠢ ᠨᠡᠶᠢᠲᠡᠯᠡᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/5/27
     ᠬᠥᠬᠡᠬᠤᠲᠠ ᠵᠠᠰᠠᠭ ᠲᠠᠷᠬᠠᠭᠠᠭᠰᠠᠨ ﹇2024﹈ 15 ᠳ᠋ᠤᠭᠠᠷ ᠲᠣᠭᠠᠲᠤ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ  ᠶᠢᠨ ᠵᠥᠪᠯᠡᠯ᠂ ᠬᠤᠲᠠ  ᠶᠢᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠬᠢᠮᠢ  ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ  ᠲᠠᠢ ᠬᠢᠨᠠᠨ ᠡᠵᠡᠮᠳᠡᠬᠦ ᠴᠡᠭ ᠢ ᠬᠢᠨᠠᠨ ᠲᠣᠭᠲᠠᠭᠠᠬᠤ ᠠᠷᠭ᠎ᠠ︾ ︵ᠥᠪᠥᠷ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠠᠯᠪᠠᠨ ᠵᠠᠬᠢᠳᠠᠯ ﹇2023﹈ 225 ᠳ᠋ᠤᠭᠠᠷ ᠲᠣᠭᠠᠲᠤ︶᠂ ︽ᠬᠥᠬᠡᠬᠤᠲᠠ  ᠶᠢᠨ ᠬᠢᠮᠢ ᠶᠢᠨ ᠠᠵᠤ ᠦᠢᠯᠡᠳᠪᠦᠷᠢ  ᠶᠢᠨ ᠭᠤᠣᠯᠳᠠᠯᠭ᠎ᠠ  ᠲᠠᠢ ᠬᠢᠨᠠᠨ ᠡᠵᠡᠮᠳᠡᠬᠦ ᠴᠡᠭ  ᠢ ᠬᠢᠨᠠᠨ ᠲᠣᠭᠲᠠᠭᠠᠬᠤ ᠬᠠᠮᠢᠶᠠᠷᠤᠯᠲᠠ  ᠶᠢᠨ ᠨᠠᠷᠢᠨ ᠳᠦᠷᠢᠮ  ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ  ᠶᠢᠨ ᠠᠷᠠᠳ  ᠤᠨ ᠵᠠᠰᠠᠭ  ᠤᠨ ᠣᠷᠳᠣᠨ  ᠤ ᠠᠯᠪᠠᠨ ᠭᠡᠷ ᠤᠨ ᠮᠡᠳᠡᠭᠳᠡᠯ︾ ︵ᠬᠥᠬᠡᠬᠤᠲᠠ  ᠵᠠᠰᠠᠭ ᠠᠯᠪᠠᠨ ᠲᠠᠷᠬᠠᠭᠠᠭᠰᠠᠨ           ﹇2024﹈ 56 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠬᠢᠮᠢ ᠶᠢᠨ ᠠᠵᠤ ᠦᠢᠯᠡᠳᠪᠦᠷᠢ  ᠶᠢᠨ ᠬᠦᠷᠢᠶᠡᠯᠡᠩ ᠲᠣᠭᠤᠷᠢᠭ ︵ᠲᠥᠪᠯᠡᠷᠡᠭᠰᠡᠨ ᠲᠣᠭᠤᠷᠢᠭ︶ ᠤᠨ ᠭᠠᠳᠠᠨ᠎ᠠ ᠪᠠᠶᠢᠭ᠎ᠠ᠂ ᠤᠯᠤᠰ  ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ᠂ ᠪᠠᠶᠢᠭᠤᠯᠬᠤ ᠭᠠᠷ ᠭᠦᠢᠴᠡᠳᠬᠡᠯ ᠨᠢ ᠪᠦᠷᠢᠨ ᠭᠦᠢᠴᠡᠳ᠂ ᠬᠠᠮᠢᠶᠠᠷᠤᠯᠲᠠ  ᠶᠢᠨ ᠴᠤᠪᠤᠷᠠᠯ ᠨᠢ ᠵᠢᠷᠤᠮᠵᠢᠯ ᠲᠠᠢ᠂ ᠠᠶᠤᠯᠭᠦᠢ ᠪᠠ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠬᠡᠮᠵᠢᠶ᠎ᠡ ᠨᠢ ᠪᠦᠷᠢᠨ ᠲᠡᠭᠦᠯᠳᠡᠷ᠂ ᠠᠵᠤ ᠠᠬᠤᠢ ᠶᠢᠨ ᠦᠷ᠎ᠡ ᠠᠰᠢᠭ ᠨᠢ ᠲᠣᠪᠣᠶᠢᠮ᠎ᠠ᠂ ᠨᠡᠭᠦᠯᠭᠡᠬᠦ ᠳᠤ ᠨᠡᠯᠢᠶᠡᠳ ᠬᠦᠴᠢᠷᠲᠡᠢ ᠨᠢᠭᠡᠨᠲᠡ ᠪᠠᠶᠢᠭᠤᠯᠵᠤ ᠳᠠᠭᠤᠰᠬᠠᠭᠠᠳ ᠠᠰᠢᠭᠯᠠᠯᠲᠠ  ᠳᠤ ᠣᠷᠣᠭᠤᠯᠤᠭᠰᠠᠨ ᠠᠵᠤ ᠠᠬᠤᠶᠢᠯᠠᠯ  ᠢ ᠬᠢᠨᠠᠨ ᠲᠣᠭᠲᠠᠭᠠᠵᠤ᠂ ᠡᠳᠦᠭᠡ ︽ᠬᠥᠬᠡᠬᠤᠲᠠ  ᠶᠢᠨ ᠠᠩᠬᠠᠳᠠᠭᠴᠢ ᠪᠦᠯᠦᠭ ᠬᠢᠮᠢ  ᠶᠢᠨ ᠠᠵᠤ ᠦᠢᠯᠡᠳᠪᠦᠷᠢ  ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠬᠢᠨᠠᠨ ᠲᠣᠭᠲᠠᠭᠠᠭᠰᠠᠨ ᠨᠡᠷᠡᠰ︾ ᠢ ᠨᠡᠶᠢᠲᠡᠯᠡᠪᠡ᠃      ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ      2024 ᠣᠨ ᠤ 4 ᠳ᠋ᠦ᠋ᠭᠡᠷ ᠰᠠᠷ᠎ᠠ ᠶᠢᠨ 24 ᠤ ᠡᠳᠦᠷ      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶     ᠬᠥᠬᠡᠬᠤᠲᠠ ᠶᠢᠨ ᠠᠩᠬᠠᠳᠠᠭᠴᠢ ᠪᠦᠯᠦᠭ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠬᠢᠨᠠᠨ ᠲᠣᠭᠲᠠᠭᠠᠭᠰᠠᠨ ᠨᠡᠷᠡᠰ ᠳ᠋ᠤᠭᠠᠷ ᠠᠵᠤ ᠠᠬᠤᠶᠢᠯᠠᠯ ᠤᠨ ᠨᠡᠷ᠎ᠡ ᠪᠠᠶᠢᠭ᠎ᠠ ᠭᠠᠵᠠᠷ 1 ᠴᠢ ᠯᠤ᠋ ᠡᠮ ᠦᠢᠯᠡᠳᠬᠦ ︵ᠥᠪᠥᠷ ᠮᠣᠩᠭᠤᠯ︶ ᠬᠢᠵᠠᠭᠠᠷᠲᠤ ᠺᠣᠮᠫᠠᠨᠢ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号