ᠰᠦᠨᠢ ᠪᠠᠷ ᠪᠠᠶᠢᠴᠠᠭᠠᠨ᠎ᠠ
ᠨᠡᠶᠢᠲᠡᠯᠡᠭᠰᠡᠨ ᠴᠠᠭ᠄
2024/5/28
     ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠭᠡᠮ ᠤᠨ ᠲᠦᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠶᠢᠨ ᠲᠤᠬᠠᠶ ᠠᠯᠪᠠᠨ ᠵᠠᠷ      ᠪᠥᠬᠦ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ  ᠤ ᠠᠮᠤᠷ ᠲᠦᠪᠰᠢᠨ  ᠤ ᠬᠡᠮ ᠰᠣᠭᠤᠭ  ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ  ᠶᠢ ᠭᠦᠨᠵᠡᠭᠡᠶ ᠳᠥᠯᠭᠢᠨ ᠠᠬᠢᠭᠤᠯᠵᠤ᠂ ᠲᠣᠭᠲᠠᠭᠠᠯ ᠠᠴᠠ ᠵᠥᠷᠢᠴᠡᠨ ᠵᠣᠭᠰᠣᠭᠠᠬᠤ᠂ ᠴᠠᠬᠢᠯᠭᠠᠨ ᠴᠡᠨᠡᠭᠯᠡᠬᠦ᠂ ᠬᠠᠤᠯᠢ ᠪᠤᠰᠤ  ᠪᠠᠷ ᠥᠭᠡᠷᠡᠴᠢᠯᠡᠨ ᠤᠭᠰᠠᠷᠠᠬᠤ ᠵᠡᠷᠭᠡ ᠠᠰᠠᠭᠤᠳᠠᠯ  ᠢ ᠴᠢᠩᠭ᠎ᠠ ᠴᠡᠭᠴᠡᠯᠡᠨ ᠵᠠᠰᠠᠵᠤ᠂ ᠪᠥᠬᠦ ᠣᠷᠣᠨ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ  ᠤ ᠠᠮᠤᠷ ᠲᠦᠪᠰᠢᠨ ᠤ ᠬᠡᠮ ᠰᠣᠭᠤᠭ ᠢ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠂ ᠣᠲᠣ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠪᠠᠶᠢᠴᠠᠭᠠᠬᠤ ᠴᠠᠭ᠄ ᠡᠨᠡ ᠡᠳᠦᠷ ᠠᠴᠠ 6 ᠳ᠋ᠤᠭᠠᠷ ᠰᠠᠷ᠎ᠠ  ᠶᠢᠨ 26 ᠤ ᠡᠳᠦᠷ ᠪᠣᠯᠲᠠᠯ᠎ᠠ᠃ ᠡᠭᠦᠨ ᠳᠤ 5 ᠳ᠋ᠤᠭᠠᠷ ᠰᠠᠷ᠎ᠠ  ᠶᠢᠨ 23  ᠤ ᠡᠳᠦᠷ ᠤᠨ ᠰᠦᠨᠢ᠂ 5 ᠳ᠋ᠤᠭᠠᠷ ᠰᠠᠷ᠎ᠠ  ᠶᠢᠨ 29  ᠤ ᠡᠳᠦᠷ  ᠤᠨ ᠰᠦᠨᠢ᠂ 6 ᠳ᠋ᠤᠭᠠᠷ ᠰᠠᠷ᠎ᠠ ᠶᠢᠨ 5  ᠤ ᠡᠳᠦᠷ  ᠤᠨ ᠰᠦᠨᠢ᠂ 6 ᠳ᠋ᠤᠭᠠᠷ ᠰᠠᠷ᠎ᠠ  ᠶᠢᠨ 12  ᠤᠨ ᠡᠳᠦᠷ  ᠤᠨ ᠰᠦᠨᠢ ᠪᠣᠯ ᠪᠥᠬᠦ ᠤᠯᠤᠰ  ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠲᠥᠪᠯᠡᠷᠡᠭᠦᠯᠦᠨ ᠰᠥᠨᠢ  ᠪᠠᠷ ᠪᠠᠶᠢᠴᠠᠭᠠᠬᠤ ᠠᠵᠢᠯᠯᠠᠭ᠎ᠠ  ᠶᠢᠨ ᠴᠠᠭ ᠪᠣᠯᠤᠨ᠎ᠠ᠃      ᠪᠠᠶᠢᠴᠠᠭᠠᠬᠤ ᠭᠤᠤᠯᠳᠠᠯᠭ᠎ᠠ᠄     ᠨᠢᠭᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠨᠦᠭᠦᠳ ᠠᠷᠠᠳ  ᠤᠨ ᠬᠡᠷᠡᠭᠯᠡᠭᠡᠨ  ᠤ ᠪᠠᠷᠢᠯᠭ᠎ᠠ  ᠶᠢᠨ ᠣᠯᠠᠨ ᠨᠡᠶᠢᠲᠡ  ᠶᠢᠨ ᠡᠭᠦᠳᠡᠨ ᠲᠢᠩᠬᠢᠮ᠂ ᠲᠠᠷᠬᠠᠭᠠᠬᠤ ᠵᠠᠮ᠂ ᠠᠰᠠᠷ ᠤᠨ ᠱᠠᠲᠤ  ᠶᠢᠨ ᠬᠤᠭᠤᠷᠣᠨᠳᠣ᠂ ᠠᠶᠦᠯᠭᠦᠢ ᠶᠢᠨ ᠭᠠᠷᠤᠴᠠ ᠵᠡᠷᠭᠡ ᠭᠠᠵᠠᠷ  ᠲᠤ ᠲᠣᠭᠲᠠᠭᠠᠯ  ᠠᠴᠠ ᠵᠥᠷᠢᠴᠡᠨ ᠲᠡᠷᠭᠡ ᠵᠣᠭᠰᠣᠭᠠᠵᠤ᠂ ᠴᠠᠬᠢᠯᠭᠠᠨ ᠴᠡᠨᠡᠭᠯᠡᠬᠦ ᠦᠢᠯᠡ ᠠᠵᠢᠯᠯᠠᠭ᠎ᠠ᠃      ᠬᠤᠶᠠᠷ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠭᠠᠬᠤ᠂ ᠴᠠᠬᠢᠯᠭᠠᠨ ᠴᠡᠨᠡᠭᠯᠡᠬᠦ᠂ ᠲᠠᠷᠬᠠᠭᠠᠬᠤ ᠵᠠᠮ ᠪᠠ ᠠᠶᠦᠯᠭᠦᠢ  ᠶᠢᠨ ᠭᠠᠷᠤᠴᠠ  ᠶᠢ ᠡᠵᠡᠯᠡᠨ ᠬᠡᠷᠡᠭᠯᠡᠬᠦ᠂ ᠪᠥᠭᠯᠡᠬᠦ᠂ ᠲᠣᠭᠲᠠᠭᠠᠯ  ᠠᠴᠠ ᠵᠥᠷᠢᠴᠡᠨ ︽ᠠᠰᠠᠷ   ᠲᠤ ᠤᠷᠤᠭᠤᠯᠬᠤ ︾ ︽ᠴᠠᠬᠢᠯᠭᠠᠨ ᠴᠡᠨᠡᠭᠯᠡᠬᠦ︾ ᠦᠢᠯᠡ ᠠᠵᠢᠯᠯᠠᠭ᠎ᠠ᠃       ᠭᠤᠷᠪᠠ᠂ ᠥᠪᠡᠰᠦᠪᠡᠨ ᠪᠠᠷᠢᠭᠰᠠᠨ ᠬᠡᠷ᠂ ︽ᠭᠤᠷᠪᠠ  ᠶᠢ ᠨᠢᠭᠡᠳᠭᠡᠭᠰᠡᠨ︾᠂ ᠵᠡᠭᠡᠯᠢ ᠳᠠᠭᠠᠤ  ᠶᠢᠨ ᠳᠡᠯᠭᠡᠭᠦᠷ᠂ ᠰᠥᠨᠢ ᠪᠠᠷ ᠡᠵᠡᠩᠨᠡᠵᠦ ᠬᠡᠷᠡᠭᠯᠡᠬᠦ ᠵᠡᠷᠭᠡ ᠲᠠᠯᠠᠪᠤᠷ  ᠲᠤ ᠲᠣᠭᠲᠠᠭᠠᠯ  ᠠᠴᠠ ᠵᠥᠷᠢᠴᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠭᠠᠬᠤ᠂ ᠴᠠᠬᠢᠯᠭᠠᠨ ᠴᠡᠨᠡᠭᠯᠡᠬᠦ ᠦᠢᠯᠡ ᠠᠵᠢᠯᠯᠠᠭ᠎ᠠ᠃ ᠲᠦᠷᠪᠡ᠂ ᠤᠤᠯ ᠦᠢᠯᠡᠳᠪᠦᠷᠢ  ᠶᠢᠨ ᠰᠡᠯᠪᠢᠭ ᠲᠣᠨᠤᠭ  ᠢ ᠳᠤᠷ᠎ᠠ  ᠪᠠᠷ  ᠢᠶᠠᠨ ᠥᠭᠡᠷᠡᠴᠢᠯᠡᠨ ᠤᠭᠰᠠᠷᠠᠬᠤ᠂ ᠬᠤᠷᠳᠤᠴᠠ  ᠶᠢ ᠬᠢᠵᠠᠭᠠᠷᠯᠠᠬᠤ ︵ᠺᠣᠳ᠋ ᠲᠠᠶᠢᠯᠬᠤ ᠬᠤᠷᠳᠤᠴᠠ  ᠶᠢ ᠲᠦᠷᠭᠡᠳᠭᠡᠬᠦ ᠪᠠᠭᠲᠠᠭᠠᠨ᠎ᠠ︶᠂ ᠴᠠᠬᠢᠯᠭᠠᠨ ᠬᠤᠷᠢᠶᠠᠭᠤᠷ ᠲᠠᠭᠠᠷᠠᠭᠤᠯᠬᠤ᠂ ᠴᠠᠬᠢᠯᠭᠠᠨ ᠬᠤᠷᠢᠶᠠᠭᠤᠷ  ᠤᠨ ᠬᠤᠩᠭᠢᠯ  ᠤᠨ ᠬᠠᠶᠢᠷᠴᠠᠭ  ᠢ ᠥᠭᠡᠷᠡᠴᠢᠯᠡᠬᠦ᠂ ᠶᠡᠭᠡ ᠪᠠᠭᠲᠠᠭᠠᠮᠵᠢᠲᠤ ᠴᠠᠬᠢᠯᠭᠠᠨ ᠬᠤᠷᠢᠶᠠᠭᠤᠷ  ᠢ ᠰᠣᠯᠢᠬᠤ ᠵᠡᠷᠭᠡ ᠬᠠᠤᠯᠢ ᠲᠣᠭᠲᠠᠭᠠᠯ  ᠠᠴᠠ ᠵᠥᠷᠢᠴᠡᠭᠰᠡᠨ ᠦᠢᠯᠡ ᠠᠵᠢᠯᠯᠠᠭ᠎ᠠ ᠃      ᠡᠯ᠎ᠡ ᠨᠡᠶᠢᠭᠡᠮ  ᠤᠨ ᠨᠢᠭᠡᠴᠢ᠂ ᠣᠷᠣᠨ ᠰᠠᠭᠤᠴᠠ  ᠶᠢᠨ ᠠᠳᠠᠯ ᠠᠬᠤᠶ  ᠶᠢᠨ ᠦᠢᠯᠡᠴᠢᠯᠡᠭᠡᠨ ᠤ ᠠᠵᠤ ᠠᠬᠤᠶᠢᠯᠠᠯ ᠵᠢᠴᠢ ᠥᠷᠭᠡᠨ ᠣᠯᠠᠨ ᠲᠦᠮᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ  ᠶᠢ ᠬᠢᠨᠠᠮᠠᠭᠠᠶ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ  ᠤ ᠳᠠᠯᠳᠠ ᠭᠡᠮ  ᠢ ᠰᠠᠨᠠᠭᠠᠴᠢᠯᠠᠭ᠎ᠠ  ᠠᠴᠠ  ᠪᠠᠨ ᠠᠷᠢᠯᠭᠠᠨ᠂ ᠪᠠᠶᠢᠴᠠᠭᠠᠬᠤ ᠠᠵᠢᠯᠯᠠᠭ᠎ᠠ  ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ︽ᠠᠰᠠᠷ ᠲᠤ ᠤᠷᠤᠭᠤᠯᠬᠤ︾᠂ ︽ᠴᠠᠬᠢᠯᠭᠠᠨ ᠴᠡᠨᠡᠭᠯᠡᠬᠦ︾ ᠦᠢᠯᠡ ᠠᠵᠢᠯᠯᠠᠭ᠎ᠠ  ᠶᠢ ᠣᠯᠠᠨᠲᠠ ᠢᠳᠬᠠᠭᠠᠳ ᠵᠠᠯᠠᠷᠠᠭᠤᠯᠬᠤ ᠥᠬᠡᠶ᠂ ᠣᠯᠠᠨᠲᠠ ᠥᠭᠡᠷᠡᠴᠢᠯᠡᠵᠦ ᠣᠯᠠᠨᠲᠠ ᠵᠦᠷᠢᠴᠡᠭᠰᠡᠨ ᠬᠤᠯᠪᠣᠭᠳᠠᠯ ᠪᠥᠬᠦᠶ ᠬᠤᠪᠢ ᠬᠥᠮᠦᠨ ᠪᠠ ᠬᠠᠤᠯᠢ ᠪᠤᠰᠤ  ᠪᠠᠷ ᠥᠭᠡᠷᠡᠴᠢᠯᠡᠨ ᠤᠭᠰᠠᠷᠠᠬᠤ ᠵᠡᠷᠭᠡ ᠠᠰᠠᠭᠤᠳᠠᠯ  ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ  ᠶᠢᠨ ᠬᠠᠮᠲᠤ ᠬᠤᠯᠪᠣᠭᠳᠠᠯ ᠪᠥᠬᠦᠶ ᠵᠠᠭᠤᠴᠢᠯᠠᠭᠤᠷ ᠲᠤ ᠢᠯᠡᠴᠢᠯᠡᠬᠦ ᠪᠤᠯᠤᠨ᠎ᠠ᠃      ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ  ᠶᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠳᠠᠯᠳᠠ ᠭᠡᠮ ᠢ ᠪᠥᠬᠦ ᠬᠡᠯᠬᠢᠶ᠎ᠡ  ᠶᠢ ᠴᠡᠭᠴᠡᠯᠡᠨ ᠵᠠᠰᠠᠬᠤ ᠠᠵᠢᠯ ᠤᠨ ᠲᠤᠰᠬᠠᠶ ᠠᠩᠭᠢ      2024 ᠣᠨ ᠤ 5 ᠳ᠋ᠤᠭᠠᠷ ᠰᠠᠷ᠎ᠠ ᠶᠢᠨ 23 ᠤ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号