ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠯᠡᠰᠦᠨ ᠴᠥᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ      ︵ᠬᠤᠶᠠᠳᠤᠭᠠᠷ ᠬᠤᠭᠤᠴᠠᠭ᠎ᠠ︶ ︱ ᠡᠵᠡᠨ᠎ᠡ ᠭᠤᠣᠯ ᠳᠠᠭᠠᠤ ᠣᠷᠣᠨ ᠳᠤ ᠤᠶᠢᠵᠢᠭᠤᠯᠤᠯᠳᠠ ᠬᠢᠵᠤ ᠡᠯᠡᠰᠦ ᠶᠢ ᠵᠠᠰᠠᠬᠤ ᠠᠵᠢᠯ ᠡᠷᠴᠢᠮᠲᠡᠢ ᠶᠠᠪᠤᠭᠳᠠᠵᠤ ᠪᠣᠶ
ᠨᠡᠶᠢᠲᠡᠯᠡᠭᠰᠡᠨ ᠴᠠᠭ᠄
2024/5/28
     ᠡᠨᠡ ᠵᠢᠯ  ᠠᠴᠠ ᠨᠠᠰᠢ᠂ ᠮᠠᠨ ᠤ ᠬᠤᠰᠢᠭᠤ ︽ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ︾ ᠶᠢᠨ ᠠᠮᠢ ᠨᠠᠰᠤᠨ ᠤ ᠬᠠᠮᠲᠤ ᠶᠢᠨ ᠴᠣᠭᠴᠠ  ᠶᠢᠨ ᠣᠶᠢᠯᠠᠭᠠᠭᠳᠠᠬᠤᠨ  ᠢ ᠵᠢᠷᠤᠮᠯᠠᠨ᠂ ᠡᠯᠡᠰᠦᠨ ᠴᠥᠯ  ᠤᠨ ᠠᠮᠢ ᠠᠬᠤᠢ  ᠶᠢᠨ ᠰᠢᠰᠲ᠋ᠧᠮ  ᠳᠤ ᠠᠩᠬᠠᠷᠤᠯ  ᠢᠶᠠᠨ ᠲᠥᠪᠯᠡᠷᠡᠭᠦᠯᠦᠨ ᠪᠦᠬᠦᠯᠢ ᠴᠣᠭᠴᠠ ᠶᠢᠨ ᠬᠠᠮᠠᠭᠠᠯᠠᠯᠲᠠ᠂ ᠰᠢᠰᠲ᠋ᠧᠮ  ᠤᠨ ᠰᠡᠷᠭᠦᠭᠡᠯᠲᠡ᠂ ᠶᠡᠷᠦᠩᠬᠡᠶᠢᠯᠡᠭᠰᠡᠨ ᠵᠠᠰᠠᠯᠲᠠ ᠬᠢᠵᠤ᠂ ᠥᠪᠥᠷ ᠮᠣᠩᠭᠤᠯ  ᠤᠨ ᠪᠠᠷᠠᠭᠤᠨ ᠬᠡᠰᠡᠭ  ᠤᠨ ᠡᠯᠡᠰᠦᠨ ᠴᠥᠯ  ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶  ᠤᠨ ᠠᠵᠢᠯ ᠢ ᠪᠥᠬᠦ ᠬᠦᠴᠦᠨ  ᠢᠶᠠᠷ  ᠢᠶᠠᠨ ᠰᠠᠶᠢᠲᠤᠷ ᠬᠢᠨ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ ᠢ ᠢᠳᠡᠪᠬᠢᠲᠡᠢ ᠠᠬᠢᠭᠤᠯᠤᠨ᠎ᠠ᠃ ᠣᠳᠣᠬᠠᠨ  ᠳᠤ ᠲᠤᠰ ᠲᠦᠷᠦᠯ ᠵᠦᠢᠯ ᠤᠨ ᠠᠵᠢᠯ ᠠᠬᠢᠯᠲᠠ  ᠲᠠᠢ ᠪᠣᠯᠵᠠᠢ᠃      ᠪᠠᠶᠠᠨᠳᠤᠤᠷᠠᠢ ᠰᠤᠮᠤᠨ ᠤ ᠡᠯᠡᠰᠦ ᠶᠢ ᠲᠣᠭᠲᠠᠪᠤᠷᠢᠵᠢᠭᠤᠯᠬᠤ ᠭᠠᠴᠠᠭᠠᠨ ᠤ ᠪᠠᠷᠢᠯᠭ᠎ᠠ  ᠶᠢᠨ ᠲᠤᠬᠠᠢ  ᠶᠢᠨ ᠲᠠᠯᠠᠪᠠᠢ ᠳᠤ᠂ 400 ᠭᠠᠷᠤᠢ ᠠᠵᠢᠯᠴᠢᠨ ᠲᠥᠯᠥᠪᠯᠡᠭᠡ ᠶᠣᠰᠣᠭᠠᠷ ᠠᠵᠢᠯ  ᠢᠶᠠᠨ ᠬᠤᠪᠢᠶᠠᠷᠢᠯᠠᠵᠤ᠂ ᠱᠤᠭᠤᠮ ᠵᠢᠷᠤᠨ ᠭᠤᠤ ᠮᠠᠯᠳᠠᠬᠤ᠂ ᠡᠪᠡᠰᠦ ᠲᠡᠪᠢᠰᠬᠦ᠂ ᠪᠤᠯᠠᠬᠤ᠂ ᠡᠯᠡᠰᠦ ᠶᠢ ᠲᠡᠭᠰᠢᠯᠡᠬᠦ ᠵᠡᠷᠭᠡ ᠠᠵᠢᠯ ᠢ ᠶᠠᠭᠠᠷᠠᠯᠳᠠᠶᠢᠬᠠᠨ ᠬᠢᠵᠡᠭᠡᠨ᠎ᠡ᠃       ᠠᠶᠢᠮᠠᠭ  ᠤᠨ ᠦᠢᠯᠡᠳᠪᠦᠷᠢᠯᠡᠬᠦ ᠴᠢᠳᠠᠪᠤᠷᠢ  ᠶᠢᠨ ᠪᠡᠯᠡ ᠣᠷᠣᠭᠤᠯᠤᠯᠲᠠ  ᠶᠢᠨ ᠺᠣᠮᠫᠠᠨᠢ ᠶᠢᠨ ᠪᠠᠷᠠᠭᠤᠨ ᠬᠡᠰᠡᠭ  ᠤᠨ ᠡᠯᠡᠰᠦᠨ ᠴᠥᠯ  ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠳᠠᠭᠠᠭᠠᠮᠠᠯ ᠸᠠᠩ ᠯᠧᠢ᠄  ︽ᠮᠠᠨ ᠤ ᠺᠣᠮᠫᠠᠨᠢ ᠠᠴᠠ ᠪᠤᠯᠪᠠᠯ ᠡᠵᠡᠨ᠎ᠡ ᠬᠤᠰᠢᠭᠤᠨ  ᠤ ᠪᠠᠷᠠᠭᠤᠨ ᠬᠡᠰᠡᠭ  ᠤᠨ ᠡᠯᠡᠰᠦᠨ ᠴᠥᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ ᠤᠨ ᠬᠤᠪᠢᠶᠠᠷᠢ ᠢᠨᠵᠧᠨᠧᠷᠢᠩ  ᠢ ᠳᠠᠭᠠᠭᠠᠴᠢᠯᠠᠨ ᠪᠠᠶᠢᠭᠤᠯᠵᠤ᠂ ᠡᠭᠦᠨ ᠳᠤ᠂ 2 ᠲᠦᠮᠡᠨ ᠮᠦ ᠬᠦᠮᠦᠨ ᠤ ᠬᠦᠴᠤ ᠪᠠᠷ ᠲᠤᠷᠤᠭ ᠮᠤᠳᠤ ᠶᠢ ᠲᠠᠷᠢᠬᠤ᠂ 5.7 ᠲᠦᠮᠡᠨ ᠮᠦ ᠶᠢᠨ ᠢᠨᠵᠧᠨᠧᠷᠢᠩ  ᠢᠶᠠᠷ ᠡᠯᠡᠰᠦ ᠶᠢ ᠵᠠᠰᠠᠬᠤ᠂ ᠪᠠᠰᠠ 75.4 ᠲᠦᠮᠡᠨ ᠮᠧᠲᠷ ᠤᠨ ᠬᠠᠰᠢᠶᠠᠯᠠᠨ ᠪᠢᠳᠡᠭᠦᠮᠵᠢᠯᠡᠬᠦ ᠠᠵᠢᠯ ᠬᠢᠵᠤ ᠪᠤᠢ᠃ ᠣᠲᠣ ᠪᠣᠯᠲᠠᠯ᠎ᠠ᠂ ᠬᠦᠮᠦᠨ ᠤ ᠬᠦᠴᠤ ᠪᠠᠷ ᠲᠤᠷᠤᠭ ᠮᠤᠳᠤ ᠲᠠᠷᠢᠬᠤ ᠠᠵᠢᠯ ᠢ ᠨᠢᠭᠡᠨᠲᠡ ᠪᠦᠬᠦᠨ ᠢ ᠳᠠᠭᠤᠰᠬᠠᠵᠤ᠂ 4. 7 ᠲᠦᠮᠡᠨ ᠮᠦ ᠡᠯᠡᠰᠦ  ᠶᠢ ᠵᠠᠰᠠᠬᠤ ᠠᠵᠢᠯ ᠢ ᠪᠡᠶᠡᠯᠡᠬᠦᠯᠦᠨ᠂ 30 ᠲᠦᠮᠡᠨ ᠮᠧᠲᠷ ᠤᠨ ᠬᠠᠰᠢᠶᠠᠯᠠᠨ ᠪᠢᠳᠡᠭᠦᠮᠵᠢᠯᠡᠬᠦ ᠠᠵᠢᠯ ᠢ ᠪᠡᠶᠡᠯᠡᠭᠦᠯᠪᠡ︾ ᠭᠡᠪᠡ ᠃       ᠥᠪᠥᠷ ᠮᠣᠩᠭᠤᠯ  ᠤᠨ ᠪᠠᠷᠠᠭᠤᠨ ᠬᠡᠰᠡᠭ  ᠤᠨ ᠡᠯᠡᠰᠦᠨ ᠴᠥᠯ  ᠢ ᠶᠡᠷᠦᠩᠬᠡᠶᠢᠯᠡᠨ ᠵᠠᠰᠠᠬᠤ ᠲᠥᠷᠥᠯ ᠵᠦᠢᠯ       ︵ᠬᠤᠶᠠᠳᠤᠭᠠᠷ ᠬᠤᠭᠤᠴᠠᠭ᠎ᠠ︶ ᠶᠢᠨ ᠡᠵᠡᠨ᠎ᠡ ᠭᠤᠣᠯ ᠤᠨ ᠵᠠᠯᠭᠠᠯᠳᠤᠭᠰᠠᠨ ᠣᠷᠣᠨ ᠤ ᠶᠡᠷᠦᠩᠬᠡᠢ ᠪᠦᠲᠦᠭᠡᠨ ᠪᠠᠶᠢᠭᠤᠯᠤᠯᠲᠠ ᠶᠢᠨ ᠡᠭᠦᠷᠭᠡ 123.5 ᠲᠦᠮᠡᠨ ᠮᠦ᠂ ᠶᠡᠷᠦᠩᠬᠡᠢ ᠪᠡᠯᠡ ᠣᠷᠣᠭᠤᠯᠤᠯᠲᠠ ᠨᠢ 4.98 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ 6 ᠲᠦᠮᠡᠨ ᠮᠦ ᠬᠥᠮᠥᠨ  ᠤ ᠬᠦᠴᠦ  ᠪᠠᠷ ᠣᠶᠢᠵᠢᠭᠤᠯᠵᠤ᠂ 57 ᠲᠦᠮᠡᠨ ᠮᠦ ᠮᠠᠭᠤᠳᠠᠭᠰᠠᠨ ᠣᠶ ᠰᠢᠭᠤᠢ  ᠶᠢ ᠵᠠᠰᠠᠵᠤ ᠰᠡᠷᠭᠦᠭᠡᠨ᠂ 3 ᠲᠦᠮᠡᠨ ᠮᠦ ᠡᠯᠡᠰᠦ  ᠶᠢ ᠪᠢᠲᠡᠭᠦᠮᠵᠢᠯᠡᠨ ᠣᠶᠢᠵᠢᠭᠤᠯᠵᠤ᠂ 6 ᠲᠦᠮᠡᠨ ᠮᠦ ᠡᠪᠡᠰᠦ ᠲᠠᠷᠢᠨ᠂ 83 ᠲᠦᠮᠡᠨ ᠮᠧᠲᠷ ︵41. 5 ᠲᠦᠮᠡᠨ ᠮᠦ︶ ᠬᠠᠰᠢᠶᠠᠯᠠᠨ ᠪᠢᠲᠡᠭᠦᠮᠵᠢᠯᠡᠵᠦ᠂ 10 ᠲᠦᠮᠡᠨ ᠮᠦ ᠡᠯᠡᠰᠦ ᠶᠢ ᠲᠤᠭᠳᠠᠪᠤᠷᠢᠵᠢᠭᠤᠯᠤᠨ᠂ 3 ᠰᠠᠷ᠎ᠠ  ᠶᠢᠨ ᠳᠤᠮᠳᠠᠴᠢ ᠪᠠᠷ ᠪᠠᠷᠢᠯᠭ᠎ᠠ ᠶᠢᠨ ᠡᠩᠨᠡᠭᠡ ᠨᠢ ᠠᠵᠢᠯ ᠢᠶᠠᠨ ᠡᠬᠢᠯᠡᠬᠦᠯᠵᠤ᠂ ᠮᠠᠨ ᠤ ᠬᠤᠰᠢᠭᠤᠨ ᠤ ᠬᠡᠰᠡᠭ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠤᠨ ᠢᠶᠠᠷ ᠠᠬᠢᠭᠤᠯᠪᠠ᠃ ᠣᠲᠣ ᠪᠣᠯᠲᠠᠯ᠎ᠠ᠂ ᠨᠡᠶᠢᠲᠡ 76.8266 ᠲᠦᠮᠡᠨ ᠮᠦ ᠶᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 62.21% ᠪᠣᠯᠣᠨ᠎ᠠ᠃ ᠡᠭᠦᠨ  ᠳᠤ ᠪᠠᠷᠢᠯᠭ᠎ᠠ   ᠶᠢᠨ ᠡᠯᠡᠰᠦ ᠶᠢ ᠲᠣᠭᠲᠠᠪᠤᠷᠢᠵᠢᠭᠤᠯᠬᠤ᠂ ᠬᠠᠰᠢᠶᠠᠯᠠᠨ ᠪᠢᠲᠡᠭᠦᠮᠵᠢᠯᠡᠨ ᠪᠣᠶᠢᠵᠢᠭᠤᠯᠬᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ  ᠶᠢᠨ ᠵᠦᠢᠯ ᠢ ᠭᠠᠷᠭᠠᠪᠠᠯ᠂ ᠪᠤᠰᠤᠳ ᠪᠦᠲᠦᠭᠡᠨ ᠪᠠᠶᠢᠭᠤᠯᠤᠯᠲᠠ  ᠶᠢᠨ ᠵᠦᠢᠯ ᠨᠢ ᠴᠥᠮ ᠲᠠᠭᠤᠰᠪᠠ᠃       ᠬᠤᠰᠢᠭᠤᠨ  ᠤ ᠣᠶ ᠰᠢᠭᠤᠢ ᠪᠠ ᠨᠤᠲᠤᠭ ᠪᠡᠯᠴᠢᠭᠡᠷ  ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ  ᠤᠨ ᠪᠦᠷᠢᠯᠳᠦᠬᠦᠨ ᠭᠡᠰᠢᠬᠦᠨ᠂ ᠳᠡᠳ᠋ ᠲᠣᠪᠴᠢᠶᠠᠨ ᠳᠠᠷᠤᠭ᠎ᠠ ᠭᠤᠸ ᠶᠠᠩ᠄  ︽ᠥᠪᠥᠷ ᠮᠣᠩᠭᠤᠯ   ᠤᠨ ᠪᠠᠷᠠᠭᠤᠨ ᠬᠡᠰᠡᠭ  ᠤᠨ ᠡᠯᠡᠰᠦᠨ ᠴᠥᠯ  ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ ᠢ ᠪᠠᠶᠢᠭᠤᠯᠵᠤ ᠲᠠᠭᠤᠰᠬᠠᠬᠤ ᠪᠤᠯ ︽ᠤᠮᠠᠷᠠᠲᠤ  ᠶᠢᠨ ᠭᠤᠷᠪᠠᠨ ᠣᠷᠣᠨ︾ ᠤ ᠢᠨᠵᠧᠨᠧᠷᠢᠩ  ᠤᠨ ᠰᠢᠪᠲᠤᠯᠤᠯᠲᠠ  ᠶᠢᠨ ᠳᠠᠶᠢᠯᠠᠯᠳᠤᠭᠠᠨ ᠪᠠ ᠬᠠᠲᠤᠨ ᠭᠤᠣᠯ  ᠤᠨ ᠪᠠᠷᠠᠭᠤᠨ ᠬᠤᠩᠭᠢᠯ ︱ ᠲᠠᠺᠯᠢᠮᠠᠺᠠᠨ ᠡᠯᠡᠰᠦᠨ ᠴᠥᠯ  ᠤᠨ ᠵᠠᠬ᠎ᠠ ᠶᠢᠨ ᠬᠤᠷᠢᠭᠯᠠᠨ ᠵᠠᠰᠠᠬᠤ ᠳᠠᠶᠢᠯᠠᠯᠳᠤᠭᠠᠨ  ᠢ ᠤᠯᠠᠮ ᠨᠢᠭᠡ ᠠᠯᠬᠤᠮ ᠰᠠᠶᠢᠲᠤᠷ ᠬᠢᠬᠦ  ᠶᠢᠨ ᠰᠠᠭᠤᠷᠢ ᠪᠠᠲᠤᠯᠠᠭ᠎ᠠ ᠪᠤᠯᠤᠨ᠎ᠠ᠂ ᠮᠦᠨᠴᠤ ᠮᠠᠨ ᠤ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ  ᠤᠨ ᠪᠦᠲᠦᠭᠡᠨ ᠪᠠᠶᠢᠭᠤᠯᠤᠯᠲᠠ ᠪᠠ ᠡᠬᠢ ᠪᠠᠶᠠᠯᠢᠭ  ᠤᠨ ᠪᠠᠬᠢᠵᠢᠯ  ᠢ ᠯᠠᠪᠳᠠᠭᠤᠨ  ᠢᠶᠠᠷ ᠠᠬᠢᠭᠤᠯᠵᠤ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ  ᠶᠢ ᠨᠢᠭᠡᠳᠦᠯᠲᠡᠢ ᠲᠥᠯᠥᠪᠯᠡᠨ ᠬᠠᠮᠠᠭᠠᠯᠠᠬᠤ  ᠶᠢ ᠪᠡᠶᠡᠯᠡᠭᠦᠯᠬᠦ  ᠶᠢᠨ ᠴᠢᠬᠤᠯᠠ ᠨᠢᠭᠡ ᠠᠯᠬᠤᠮ ᠮᠥᠨ᠂ ᠲᠥᠷᠥᠯ ᠵᠦᠢᠯ ᠤᠨ ᠶᠠᠰᠤ ᠴᠢᠨᠠᠷ ᠲᠤᠭ᠎ᠠ ᠬᠡᠮᠵᠢᠶ᠎ᠡ  ᠶᠢ ᠪᠠᠲᠤᠯᠠᠵᠤ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠡᠷᠡᠰ ᠪᠠᠳᠤᠯᠠᠨ᠎ᠠ ︾ ᠭᠡᠪᠡ ᠃      ᠳᠠᠷᠠᠭᠠᠴᠢ  ᠶᠢᠨ ᠠᠯᠬᠤᠮ ᠳᠤ᠂ ᠮᠠᠨ ᠤ ᠬᠤᠰᠢᠭᠤ ᠪᠦᠬᠦ ᠲᠠᠯ᠎ᠠ  ᠪᠠᠷ ᠪᠣᠭᠤᠮᠲᠠ ᠰᠢᠪᠲᠤᠯᠬᠤ  ᠪᠠᠷ ᠬᠦᠴᠦᠯᠡᠨ ᠴᠢᠷᠮᠠᠶᠢᠬᠤ  ᠶᠢ ᠪᠠᠷᠢᠮᠲᠠᠯᠠᠵᠤ᠂ ᠡᠯᠧᠮᠧᠨ᠋ᠲ ᠤᠨ ᠪᠠᠲᠤᠯᠠᠭ᠎ᠠ  ᠶᠢ ᠨᠢᠭᠡᠳᠦᠯᠲᠡᠢ ᠲᠦᠯᠦᠪᠵᠢᠬᠦᠯᠦᠨ᠂ ᠡᠯ᠎ᠡ ᠲᠠᠯ᠎ᠠ  ᠶᠢᠨ ᠬᠠᠷᠢᠭᠤᠴᠠᠯᠭ᠎ᠠ  ᠶᠢ ᠦᠷᠭᠦᠯᠵᠢᠯᠡᠨ ᠪᠣᠳᠠᠲᠠᠶᠢᠵᠢᠭᠤᠯᠵᠤ᠂ ᠪᠠᠷᠢᠯᠭ᠎ᠠ  ᠶᠢᠨ ᠠᠵᠢᠯ ᠤᠨ ᠲᠣᠬᠢᠷᠠᠭᠤᠯᠤᠯᠲᠠ  ᠶᠢ ᠰᠢᠯᠢᠳᠡᠭᠵᠢᠬᠦᠯᠦᠨ᠂ ᠲᠤᠬᠠᠢ ᠶᠢᠨ ᠲᠠᠯᠠᠪᠤᠷ  ᠤᠨ ᠬᠠᠮᠢᠶᠠᠷᠤᠯᠲᠠ  ᠶᠢ ᠴᠢᠩᠭᠠᠳᠬᠠᠵᠤ᠂ ᠲᠦᠷᠦᠯ ᠵᠦᠢᠯ ᠤᠨ ︽ᠶᠠᠰᠤ ᠴᠢᠨᠠᠷ  ᠤᠨ ᠠᠮᠤᠷ ᠲᠦᠪᠰᠢᠨ  ᠤ ᠪᠣᠭᠤᠮᠲᠠ︾ ᠶᠢ ᠴᠢᠩᠭ᠎ᠠ ᠰᠠᠬᠢᠨ᠂ ︽ᠭᠤᠷᠪᠠᠨ ᠤᠮᠠᠷᠠᠲᠤ︾ ᠶᠢᠨ ᠢᠨᠵᠧᠨᠧᠷᠢᠩ  ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠬᠠᠳᠤᠨ ᠭᠤᠣᠯ  ᠤᠨ ᠪᠠᠷᠠᠭᠤᠨ ᠬᠤᠩᠭᠢᠯ ︱ ᠲᠠᠺᠯᠢᠮᠠᠺᠠᠨ ᠡᠯᠡᠰᠦᠨ ᠴᠦᠯ ᠤᠨ ᠵᠠᠬ᠎ᠠ  ᠶᠢᠨ ᠬᠤᠷᠢᠭᠯᠠᠨ ᠵᠠᠰᠠᠬᠤ ᠳᠠᠶᠢᠯᠠᠯᠳᠤᠭᠠᠨ  ᠢ ᠰᠠᠶᠢᠲᠤᠷ ᠬᠢᠬᠦ  ᠪᠠᠷ ᠬᠠᠷᠠᠯᠲᠠ ᠪᠠᠨ ᠪᠣᠯᠭᠠᠵᠤ᠂ ᠲᠦᠷᠦᠯ ᠵᠦᠢᠯ  ᠤᠨ ᠶᠠᠰᠤ ᠴᠢᠨᠠᠷ ᠲᠤᠭ᠎ᠠ ᠬᠡᠮᠵᠢᠶ᠎ᠡ  ᠶᠢ ᠪᠦᠬᠦ ᠲᠠᠯ᠎ᠠ ᠪᠠᠷ ᠪᠠᠳᠤᠯᠠᠨ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ  ᠶᠢᠨ ᠠᠮᠤᠷ ᠲᠦᠪᠰᠢᠨ  ᠤ ᠬᠠᠯᠬᠠᠪᠴᠢ  ᠶᠢ ᠦᠨᠡᠨᠬᠦ ᠪᠠᠬᠢᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号