ᠥᠪᠥᠷ ᠮᠣᠩᠭᠤᠯ ᠲᠥᠪ ᠤᠨ ᠡᠳ᠋ ᠤᠨ ᠵᠠᠰᠠᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ 6000 ᠲᠦᠮᠡᠨ ᠲᠥᠭᠦᠷᠢᠭ ᠣᠯᠬᠤ ᠪᠠᠷ ᠴᠢᠷᠮᠠᠶᠢᠵᠤ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠶᠢ ᠪᠦᠭᠦ ᠬᠦᠴᠦᠨ ᠢᠶᠠᠷ ᠠᠬᠢᠭᠤᠯᠵᠤ ᠪᠤᠢ
ᠨᠡᠶᠢᠲᠡᠯᠡᠭᠰᠡᠨ ᠴᠠᠭ᠄
2024/5/28
     ᠥᠪᠡᠷᠲᠡᠭᠡᠨ ᠵᠠᠰᠠᠬᠤ ᠣᠷᠣᠨ ᠤ ᠡᠳ᠋  ᠤᠨ ᠵᠠᠰᠠᠭ  ᠤᠨ ᠲᠢᠩᠬᠢᠮ ᠤᠨ ᠬᠠᠮᠤᠭ  ᠤᠨ ᠰᠢᠨ᠎ᠡ ᠮᠡᠳᠡᠭᠡ᠄ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠡᠳ᠋  ᠤᠨ ᠵᠠᠰᠠᠭ  ᠤᠨ ᠶᠠᠮᠤᠨ ︽2024 ᠣᠨ ᠤ ᠤᠯᠤᠰ  ᠤᠨ ᠣᠲᠣ ᠦᠶ᠎ᠡ  ᠶᠢᠨ ᠲᠠᠷᠢᠶᠠᠯᠠᠩ  ᠤᠨ ᠠᠵᠤ ᠦᠢᠯᠡᠰ  ᠤᠨ ᠬᠦᠷᠢᠶᠡᠯᠡᠩ ᠤᠨ ᠳᠤᠮᠳᠠ ᠬᠤᠭᠤᠴᠠᠭᠠᠨ  ᠤ ᠠᠮᠵᠢᠯᠲᠠ ᠪᠦᠲᠦᠮᠵᠢ  ᠶᠢ ᠦᠨᠡᠯᠡᠨ ᠵᠢᠱᠢᠭᠰᠡᠨ ᠪᠠᠶᠢᠳᠠᠯ  ᠤᠨ ᠲᠤᠬᠠᠢ ᠮᠡᠳᠡᠭᠳᠡᠯ︾  ᠢ ᠨᠡᠶᠢᠲᠡᠯᠡᠪᠡ᠂ ᠪᠦᠭᠦ ᠤᠯᠤᠰ ᠤᠨ 49 ᠤᠯᠤᠰ  ᠤᠨ ᠲᠠᠷᠢᠶᠠᠯᠠᠩ  ᠤᠨ ᠠᠵᠤ ᠦᠢᠯᠡᠰ  ᠤᠨ ᠬᠦᠷᠢᠶᠡᠯᠡᠩ  ᠤᠨ ᠠᠮᠵᠢᠯᠲᠠ ᠪᠦᠲᠦᠮᠵᠢ  ᠶᠢᠨ ᠳᠤᠮᠳᠠ ᠬᠤᠭᠤᠴᠠᠭᠠᠨ  ᠤ ᠦᠨᠡᠯᠡᠨ ᠵᠢᠱᠢᠯᠲᠡ  ᠳᠤ ᠮᠠᠨ ᠤ ᠣᠷᠣᠨ  ᠤ ᠬᠤᠷᠢᠨᠭᠡᠷ ᠰᠢᠶᠠᠨ  ᠤ ᠤᠯᠤᠰ  ᠤᠨ ᠣᠳᠣ ᠦᠶ᠎ᠡ  ᠶᠢᠨ ᠲᠠᠷᠢᠶᠠᠯᠠᠩ  ᠤᠨ ᠠᠵᠤ ᠦᠢᠯᠡᠰ  ᠤᠨ ᠬᠦᠷᠢᠶᠡᠯᠡᠩ᠂ ᠮᠣᠷᠢᠨᠳᠠᠪᠠᠭ᠎ᠠ ᠳᠠᠭᠤᠷ ᠦᠨᠳᠦᠰᠦᠲᠡᠨ   ᠤ ᠥᠪᠡᠷᠲᠡᠭᠡᠨ ᠵᠠᠰᠠᠬᠤ ᠬᠤᠰᠢᠭᠤᠨ  ᠤ ᠤᠯᠤᠰ  ᠤᠨ ᠣᠳᠣ ᠦᠶ᠎ᠡ  ᠶᠢᠨ ᠲᠠᠷᠢᠶᠠᠯᠠᠩ  ᠤᠨ ᠠᠵᠤ ᠦᠢᠯᠡᠰ  ᠤᠨ ᠬᠦᠷᠢᠶᠡᠯᠡᠩ᠂ ᠬᠠᠩᠭᠢᠨ ᠬᠤᠶᠢᠲᠤ ᠬᠤᠰᠢᠭᠤᠨ  ᠤ ᠤᠯᠤᠰ  ᠤᠨ ᠣᠳᠣ ᠦᠶ᠎ᠡ  ᠶᠢᠨ ᠲᠠᠷᠢᠶᠠᠯᠠᠩ  ᠤᠨ ᠠᠵᠤ ᠦᠢᠯᠡᠰ  ᠤᠨ ᠬᠦᠷᠢᠶᠡᠯᠡᠩ ᠨᠢ ᠤᠯᠤᠰ  ᠤᠨ ᠣᠳᠣ ᠦᠶ᠎ᠡ  ᠶᠢᠨ ᠲᠠᠷᠢᠶᠠᠯᠠᠩ  ᠤᠨ ᠠᠵᠤ ᠦᠢᠯᠡᠰ  ᠤᠨ ᠬᠦᠷᠢᠶᠡᠯᠡᠩ  ᠤᠨ ᠳᠤᠮᠳᠠ ᠬᠤᠭᠤᠴᠠᠭᠠᠨ  ᠤ ᠠᠮᠵᠢᠯᠲᠠ ᠪᠦᠲᠦᠮᠵᠢ  ᠶᠢᠨ ᠦᠨᠡᠯᠡᠨ ᠵᠢᠱᠢᠯᠲᠡ  ᠶᠢ ᠤᠷᠤᠭᠰᠢᠲᠠᠢ ᠥᠩᠭᠡᠷᠡᠭᠡᠵᠦ᠂ ᠲᠤᠰ ᠲᠤᠰ ᠳᠥᠷᠪᠡᠳᠦᠭᠡᠷ᠂ ᠠᠷᠪᠠᠨ ᠨᠢᠭᠡᠳᠦᠭᠡᠷ᠂ ᠠᠷᠪᠠᠨ ᠲᠠᠪᠤᠳᠤᠭᠠᠷ ᠨᠡᠷᠡᠰ  ᠲᠤ ᠵᠢᠭᠰᠠᠭᠠᠭᠳᠠᠵᠤ᠂ ᠲᠥᠪ  ᠤᠨ ᠡᠳ᠋  ᠤᠨ ᠵᠠᠰᠠᠭ  ᠤᠨ ᠣᠳᠣ ᠦᠶ᠎ᠡ  ᠶᠢᠨ ᠲᠠᠷᠢᠶᠠᠯᠠᠩ  ᠤᠨ ᠠᠵᠤ ᠦᠢᠯᠡᠰ  ᠤᠨ ᠬᠦᠷᠢᠶᠡᠯᠡᠩ  ᠤᠨ ᠳᠤᠮᠳᠠ ᠬᠤᠭᠤᠴᠠᠭᠠᠨ  ᠤ ᠡᠭᠦᠳᠦᠨ ᠪᠠᠶᠢᠭᠤᠯᠬᠤ ᠱᠠᠩᠨᠠᠯ ᠨᠥᠬᠦᠪᠦᠷᠢ  ᠶᠢᠨ ᠪᠡᠯᠡ ᠮᠥᠩᠭᠦ  ᠶᠢ ᠨᠡᠶᠢᠲᠡ 6000 ᠲᠦᠮᠡᠨ ᠲᠥᠭᠦᠷᠢᠭ ᠣᠯᠬᠤ  ᠪᠠᠷ ᠴᠢᠷᠮᠠᠶᠢᠵᠤ ᠪᠤᠢ᠃     ᠣᠶᠢᠷ᠎ᠠ  ᠶᠢᠨ ᠵᠢᠯ  ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ  ᠤ ᠡᠳ᠋  ᠤᠨ ᠵᠠᠰᠠᠭ  ᠤᠨ ᠲᠢᠩᠬᠢᠮ ᠨᠢ ᠡᠳ᠋  ᠤᠨ ᠵᠠᠰᠠᠭ  ᠤᠨ ᠶᠠᠮᠤᠨ ᠤ ᠣᠲᠣ ᠦᠶ᠎ᠡ  ᠶᠢᠨ ᠲᠠᠷᠢᠶᠠᠯᠠᠩ  ᠤᠨ ᠠᠵᠤ ᠦᠢᠯᠡᠰ  ᠤᠨ ᠬᠦᠷᠢᠶᠡᠯᠡᠩ  ᠢ ᠡᠭᠦᠳᠦᠨ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ  ᠤ ᠲᠢᠩᠬᠢᠮ ᠯᠦᠭᠡ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ  ᠪᠠᠨ ᠲᠠᠰᠤᠷᠠᠯᠲᠠ ᠦᠭᠡᠢ ᠴᠢᠩᠭᠠᠳᠬᠠᠵᠤ᠂ ᠠᠵᠤ ᠦᠢᠯᠡᠰ  ᠤᠨ ᠬᠦᠷᠢᠶᠡᠯᠡᠩ  ᠤᠨ ᠡᠭᠦᠳᠦᠨ ᠪᠠᠶᠢᠭᠤᠯᠬᠤ ᠲᠥᠷᠥᠯ ᠵᠦᠢᠯ  ᠢ ᠬᠡᠷᠡᠭᠵᠢᠭᠦᠯᠬᠦ᠂ ᠲᠥᠷᠥᠯ ᠵᠦᠢᠯ  ᠤᠨ ᠪᠡᠯᠡ ᠮᠥᠩᠭᠦ  ᠶᠢ ᠵᠢᠷᠤᠮᠵᠢᠭᠤᠯᠤᠨ ᠬᠡᠷᠡᠭᠯᠡᠬᠦ ᠵᠡᠷᠭᠡ ᠵᠠᠩᠭᠢᠯᠠᠭ᠎ᠠ  ᠶᠢᠨ ᠭᠤᠭᠴᠤᠭ᠎ᠠ  ᠳᠤ ᠠᠩᠬᠠᠷᠤᠯ  ᠢᠶᠠᠨ ᠲᠥᠪᠯᠡᠷᠡᠭᠦᠯᠦᠨ ᠣᠲᠣ ᠦᠶ᠎ᠡ  ᠶᠢᠨ ᠲᠠᠷᠢᠶᠠᠯᠠᠩ  ᠤᠨ ᠠᠵᠤ ᠦᠢᠯᠡᠰ  ᠤᠨ ᠬᠦᠷᠢᠶᠡᠯᠡᠩ ᠢ ᠡᠭᠦᠳᠦᠨ ᠪᠠᠶᠢᠭᠤᠯᠬᠤ  ᠶᠢ ᠬᠠᠮᠲᠤᠷᠠᠨ ᠵᠢᠯᠤᠭᠤᠳᠬᠤ ᠪᠠ ᠠᠮᠵᠢᠯᠲᠠ ᠪᠦᠲᠦᠮᠵᠢ  ᠶᠢ ᠦᠨᠡᠯᠡᠨ ᠵᠢᠱᠢᠬᠦ  ᠶᠢ ᠥᠷᠨᠢᠭᠦᠯᠵᠦ᠂ ᠡᠭᠦᠳᠦᠨ ᠪᠠᠶᠢᠭᠤᠯᠬᠤ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠦᠭᠦ ᠬᠦᠴᠦᠨ  ᠢᠶᠠᠷ ᠠᠬᠢᠭᠤᠯᠪᠠ᠃     ︽ᠪᠢᠳᠡ ᠡᠭᠦᠳᠦᠨ ᠪᠠᠶᠢᠭᠤᠯᠬᠤ ᠪᠡᠯᠡ ᠮᠥᠩᠭᠦ  ᠶᠢᠨ ᠬᠡᠷᠡᠭᠯᠡᠯᠲᠡ ᠬᠠᠮᠢᠶᠠᠷᠤᠯᠲᠠ  ᠶᠢ ᠤᠯᠠᠮ ᠴᠢᠩᠭᠠᠳᠬᠠᠬᠤ  ᠶᠢᠨ ᠬᠠᠮᠲᠤ᠂ ᠡᠯ᠎ᠡ ᠱᠠᠲᠤᠨ  ᠤ ᠡᠳ᠋  ᠤᠨ ᠵᠠᠰᠠᠭ  ᠤᠨ ᠰᠠᠯᠠᠭ᠎ᠠ ᠮᠥᠴᠢᠷ  ᠢ ᠵᠢᠯᠣᠭᠤᠳᠤᠨ ᠠᠷᠭ᠎ᠠ ᠵᠠᠮ ᠨᠢ ᠰᠠᠮᠠᠭᠤᠷᠠᠬᠤ ᠦᠭᠡᠢ᠂ ᠬᠡᠷᠡᠭᠴᠡᠭᠡ ᠨᠢ ᠬᠤᠪᠢᠷᠠᠬᠤ ᠦᠭᠡᠢ ᠪᠠᠶᠢᠬᠤ ᠵᠠᠷᠴᠢᠮ ᠶᠣᠰᠣᠭᠠᠷ᠂ ᠡᠳ᠋  ᠤᠨ ᠵᠠᠰᠠᠭ  ᠤᠨ ᠱᠠᠩᠨᠠᠯ ᠨᠥᠬᠦᠪᠦᠷᠢ  ᠶᠢᠨ ᠪᠡᠯᠡ ᠮᠥᠩᠭᠦ ᠶᠢᠨ ᠦᠢᠯᠡᠳᠦᠯ  ᠢ ᠦᠨᠡᠨ ᠬᠦ ᠬᠠᠮᠤᠭ ᠤᠨ ᠶᠡᠭᠡ ᠪᠠᠷ ᠪᠠᠳᠠᠷᠠᠭᠤᠯᠤᠨ᠎ᠠ᠃ ᠲᠠᠷᠢᠶᠠᠯᠠᠩ  ᠳᠤ ᠬᠤᠯᠪᠣᠭᠳᠠᠬᠤ ᠬᠡᠰᠡᠭ ᠪᠡᠯᠡ ᠮᠥᠩᠭᠦ  ᠶᠢ ᠨᠢᠭᠡᠳᠦᠯᠲᠡᠢ ᠲᠥᠯᠥᠪᠵᠢᠭᠦᠯᠦᠨ᠂ ᠤᠯᠤᠰ ᠤᠨ ᠬᠢᠨᠠᠨ ᠲᠣᠭᠲᠠᠭᠠᠯᠲᠠ ᠪᠠ ᠵᠥᠪᠰᠢᠶᠡᠷᠡᠯ ᠢ ᠣᠯᠣᠭᠰᠠᠨ ᠭᠠᠵᠠᠷ ᠣᠷᠣᠨ ᠪᠠ ᠲᠥᠷᠥᠯ ᠵᠦᠢᠯ  ᠳᠤ ᠲᠥᠪᠯᠡᠷᠡᠭᠦᠯᠵᠦ᠂ ᠨᠢᠭᠡ ᠪᠦᠯᠦᠭ ᠪᠦᠲᠦᠵᠦ ᠳᠡᠶᠢᠯᠭᠦ᠂ ᠨᠡᠷ᠎ᠡ ᠨᠥᠯᠥᠭᠡ ᠲᠠᠢ᠂ ᠥᠪᠥᠷ ᠮᠣᠩᠭᠤᠯ ᠤᠨ ᠣᠨᠴᠠᠯᠢᠭ ᠲᠠᠢ ᠴᠢᠨᠠᠷ ᠰᠠᠶᠢᠲᠠᠢ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ  ᠢ ᠭᠤᠣᠯᠳᠠᠯᠭ᠎ᠠ  ᠲᠠᠢ ᠪᠠᠶᠢᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ  ᠤ ᠡᠳ᠋ ᠤᠨ ᠵᠠᠰᠠᠭ  ᠤᠨ ᠲᠢᠩᠬᠢᠮ ᠤᠨ ᠳᠡᠳ᠋ ᠳᠠᠷᠤᠭ᠎ᠠ ᠵᠣᠣ ᠳ᠋ᠠ ᠵᠢᠶᠦ᠋ᠨ ᠬᠡᠯᠡᠪᠡ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号