| | | | 28 ᠤ ᠡᠳᠦᠷ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠣᠶᠢᠷ᠎ᠠ ᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ | ᠵᠡᠷᠭᠡ 12 ᠰᠠᠯᠠᠭ᠎ᠠ ᠮᠥᠴᠢᠷ ᠬᠠᠮᠲᠤᠷᠠᠨ ︽ ᠥᠮᠡᠨ ᠡᠪᠡᠳᠴᠢᠨ ᠤ ᠬᠤᠣᠷ ᠬᠥᠨᠥᠭᠡᠯ ᠢ ᠪᠥᠬᠦ ᠲᠠᠯ᠎ᠠ ᠪᠠᠷ | ᠠᠷᠢᠯᠭᠠᠬᠤ ᠦᠷᠭᠦᠯᠵᠢᠯᠡᠬᠦ᠋ᠢᠴᠡ ᠬᠥᠭᠵᠢᠯᠲᠡ ᠶᠢᠨ ᠲᠦᠯᠦᠪᠯᠡᠭᠡ ︵2024 — 2030 ᠣᠨ︶︾ ᠶᠢ | ᠳᠠᠷᠤᠮᠠᠯᠯᠠᠨ ᠲᠠᠷᠬᠠᠭᠠᠵᠤ᠂ 2030 ᠣᠨ ᠪᠣᠯᠬᠤ ᠳᠤ᠂ ᠪᠥᠬᠦ ᠤᠯᠤᠰ ᠤᠨ ᠥᠮᠡᠨ ᠡᠪᠡᠳᠴᠢᠨ ᠳᠤ | ᠨᠡᠷᠪᠡᠭᠳᠡᠭᠰᠡᠨ ᠨᠣᠷᠮ᠎ᠠ ᠨᠢ 1/10 ᠲᠦᠮᠡ ᠠᠴᠠ ᠳᠡᠭᠡᠭᠰᠢᠬᠢ ᠰᠢᠶᠠᠨ ︵ᠬᠤᠲᠠ᠂ ᠲᠣᠭᠤᠷᠢᠭ︶ ᠤ ᠲᠤᠭ᠎ᠠ ᠶᠢ | 0 ᠪᠣᠯᠭᠠᠵᠤ᠂ ᠥᠮᠡᠨ ᠡᠪᠡᠳᠴᠢᠲᠡᠨ ᠢ ᠡᠮᠨᠡᠨ ᠵᠠᠰᠠᠬᠤ ᠳᠤ 2 ᠲᠠᠰ ᠤᠨ ᠵᠡᠷᠡᠮᠳᠡᠭ ᠵᠡᠮᠳᠡᠭ ᠰᠢᠨ᠎ᠡ ᠪᠠᠷ | ᠡᠭᠦᠰᠬᠦ ᠬᠠᠷᠢᠴᠠᠯ ᠢ 0 ᠪᠣᠯᠭᠠᠵᠤ᠂ ᠥᠮᠡᠨ ᠡᠪᠡᠳᠴᠢᠨ ᠢ ᠠᠷᠢᠯᠭᠠᠬᠤ ᠬᠠᠷᠠᠯᠲᠠ ᠶᠢ ᠳᠤᠮᠳᠠᠳᠤ ᠤᠯᠤᠰ ᠲᠤ | ᠡᠷᠲᠡᠬᠡᠨ ᠪᠡᠶᠡᠯᠡᠭᠦᠯᠦᠨ᠎ᠡ ᠭᠡᠵᠦ ᠲᠣᠳᠣᠷᠬᠠᠶᠢᠯᠠᠵᠠᠢ᠃ | ᠥᠮᠡᠨ ᠡᠪᠡᠳᠴᠢᠨ ᠪᠣᠯ ᠬᠥᠮᠥᠨ ᠲᠥᠷᠥᠯᠬᠢᠲᠡᠨ ᠤ ᠡᠷᠡᠭᠦᠯ ᠮᠡᠨᠳᠦ ᠳᠤ ᠬᠦᠨᠳᠦ ᠨᠣᠴᠢᠲᠠᠢ ᠬᠤᠣᠷ | ᠬᠥᠨᠥᠭᠡᠯ ᠤᠴᠠᠷᠠᠭᠤᠯᠬᠤ ᠨᠢᠭᠡ ᠵᠦᠢᠯ ᠤᠨ ᠤᠳᠠᠭᠠᠨ ᠴᠢᠨᠠᠷᠲᠠᠢ ᠬᠠᠯᠳᠠᠪᠤᠷᠢᠲᠤ ᠡᠪᠡᠳᠴᠢᠨ ᠮᠥᠨ᠂ ᠡᠷᠲᠡ | ᠢᠯᠡᠷᠡᠭᠦᠯᠬᠦ ᠦᠭᠡᠢ ᠪᠤᠶᠤ ᠴᠠᠭ ᠲᠤᠬᠠᠢ ᠳᠤ ᠨᠢ ᠡᠮᠨᠡᠨ ᠵᠠᠰᠠᠬᠤ ᠦᠭᠡᠢ ᠪᠣᠯ ᠬᠡᠰᠡᠭ ᠭᠠᠵᠠᠷ ᠤᠨ ᠠᠷᠠᠰᠤ ᠶᠢ | ᠭᠡᠮᠲᠦᠭᠡᠵᠦ᠂ ᠴᠢᠨᠠᠭᠰᠢᠯᠠᠪᠠᠯ ᠬᠦᠨᠳᠦ ᠨᠣᠴᠢᠲᠠᠢ ᠨᠢ ᠬᠠᠷᠠᠭ᠎ᠠ ᠪᠠᠨ ᠠᠯᠳᠠᠬᠤ᠂ ᠨᠢᠭᠤᠷ ᠤᠨ ᠬᠡᠰᠡᠭ ᠨᠢ ᠵᠡᠷᠡᠮᠳᠡᠭ | ᠪᠣᠯᠬᠤ ᠪᠠ ᠭᠠᠷ ᠬᠥᠯ ᠨᠢ ᠵᠡᠮᠳᠡᠭ ᠪᠣᠯᠬᠤ ᠵᠡᠷᠭᠡ ᠢᠯᠡᠷᠡᠯ ᠲᠠᠢ ᠪᠠᠶᠢᠳᠠᠭ᠃ | ᠨᠢᠭᠡ ᠪᠦᠯᠦᠭ ᠲᠤᠭ᠎ᠠ ᠪᠠᠷᠢᠮᠲᠠ ᠠᠴᠠ ᠦᠵᠡᠪᠡᠯ᠂ ᠮᠠᠨ ᠤ ᠤᠯᠤᠰ ︽ᠪᠦᠬᠦ ᠤᠯᠤᠰ ᠤᠨ ᠥᠮᠡᠨ | ᠡᠪᠡᠳᠴᠢᠨ ᠤ ᠬᠤᠣᠷ ᠬᠥᠨᠥᠭᠡᠯ ᠢ ᠠᠷᠢᠯᠭᠠᠬᠤ ᠲᠦᠯᠦᠪᠯᠡᠭᠡ ︵2011 — 2020 ᠣᠨ︶︾ ᠶᠢ | ᠬᠡᠷᠡᠭᠵᠢᠭᠦᠯᠬᠦ ᠪᠠᠷ ᠳᠠᠮᠵᠢᠨ᠂ ᠪᠦᠬᠦ ᠤᠯᠤᠰ ᠲᠤ ᠥᠮᠡᠨ ᠡᠪᠡᠳᠴᠢᠨ ᠤ ᠬᠤᠣᠷ ᠬᠥᠨᠥᠭᠡᠯ ᠢ ᠦᠨᠳᠦᠰᠦᠨ | ᠳᠤ ᠪᠠᠨ ᠠᠷᠢᠯᠭᠠᠭᠰᠠᠨ ᠴᠢᠬᠤᠯᠠ ᠦᠷ᠎ᠡ ᠪᠦᠲᠦᠭᠡᠯ ᠣᠯᠣᠭᠰᠠᠨ ᠪᠠᠶᠢᠨ᠎ᠠ᠃ 2020 ᠣᠨ ᠤ ᠡᠴᠦᠰ ᠪᠣᠯᠲᠠᠯ᠎ᠠ᠂ | ᠪᠥᠬᠦ ᠤᠯᠤᠰ ᠤᠨ ᠥᠮᠡᠨ ᠡᠪᠡᠳᠴᠢᠨ ᠳᠤ ᠨᠡᠷᠪᠡᠭᠳᠡᠭᠰᠡᠳ ᠤᠨ ᠲᠤᠭ᠎ᠠ ᠢᠯᠡᠳᠲᠡ ᠪᠠᠭᠠᠰᠴᠤ᠂ 2010 ᠣᠨ ᠤ | ᠡᠴᠦᠰ ᠤᠨ ᠬᠢ ᠠᠴᠠ 50% ᠠᠴᠠ ᠳᠡᠭᠡᠭᠰᠢ ᠪᠠᠷ ᠪᠠᠭᠤᠷᠠᠭᠤᠯᠤᠨ᠂ ᠪᠥᠬᠦ ᠤᠯᠤᠰ ᠤᠨ 98% ᠠᠴᠠ | ᠳᠡᠭᠡᠭᠰᠢᠬᠢ ᠰᠢᠶᠠᠨ ︵ᠬᠤᠲᠠ᠂ ᠲᠣᠭᠤᠷᠢᠭ︶ ᠤ ᠥᠮᠡᠨ ᠡᠪᠡᠳᠴᠢᠨ ᠳᠤ ᠨᠡᠷᠪᠡᠭᠳᠡᠬᠦ ᠨᠣᠷᠮ᠎ᠠ ᠶᠢ 1/10 | ᠲᠦᠮᠡ ᠠᠴᠠ ᠳᠣᠷᠣᠭᠰᠢ ᠪᠠᠶᠢᠯᠭᠠᠬᠤ ᠲᠦᠯᠦᠪᠯᠡᠭᠡ ᠶᠢᠨ ᠬᠠᠷᠠᠯᠲᠠ ᠶᠢ ᠪᠡᠶᠡᠯᠡᠭᠦᠯᠪᠡ᠃ | ᠰᠢᠨ᠎ᠡ ᠬᠡᠪᠯᠡᠯ ᠤᠨ ᠲᠦᠯᠦᠪᠯᠡᠭᠡ ᠶᠢ ᠦᠨᠳᠦᠰᠦᠯᠡᠪᠡᠯ᠂ ᠮᠠᠨ ᠤ ᠤᠯᠤᠰ ᠥᠮᠡᠨ ᠡᠪᠡᠳᠴᠢᠨ ᠳᠤ | ᠨᠡᠷᠪᠡᠭᠳᠡᠭᠰᠡᠨ ᠨᠣᠷᠮ᠎ᠠ ᠪᠠ ᠲᠤᠰ ᠭᠠᠵᠠᠷ ᠤᠨ ᠥᠮᠡᠨ ᠡᠪᠡᠳᠴᠢᠨ ᠤ ᠵᠢᠱᠢᠶ᠎ᠡ ᠰᠢᠨ᠎ᠡ ᠪᠠᠷ ᠡᠭᠦᠰᠦᠭᠰᠡᠨ ᠰᠢᠶᠠᠨ | ︵ᠬᠤᠲᠠ᠂ ᠲᠣᠭᠤᠷᠢᠭ︶ ᠤ ᠲᠤᠭ᠎ᠠ ᠵᠡᠷᠭᠡ ᠪᠠᠶᠢᠳᠠᠯ ᠢ ᠦᠨᠳᠦᠰᠦᠯᠡᠨ᠂ ᠪᠦᠬᠦ ᠤᠯᠤᠰ ᠤᠨ 31 ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠢ ᠭᠤᠷᠪᠠᠨ ᠲᠥᠷᠥᠯ ᠤᠨ ᠭᠠᠵᠠᠷ ᠣᠷᠣᠨ ᠪᠣᠯᠭᠠᠨ ᠬᠤᠪᠢᠶᠠᠵᠤ᠂ ᠲᠥᠷᠥᠯ | ᠬᠤᠪᠢᠶᠠᠨ ᠵᠢᠯᠤᠭᠤᠳᠴᠤ᠂ ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠵᠦ᠂ ᠨᠢᠭᠡᠳᠦᠯᠲᠡᠢ ᠲᠥᠯᠥᠪᠯᠡᠨ | ᠠᠬᠢᠭᠤᠯᠤᠨ᠎ᠠ᠃ ᠡᠭᠦᠨ ᠳᠤ᠂ ᠨᠢᠭᠡᠳᠦᠭᠡᠷ ᠲᠥᠷᠥᠯ ᠤᠨ ᠭᠠᠵᠠᠷ ᠣᠷᠣᠨ ᠨᠢ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠰᠢᠪᠲᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠡᠪᠡᠳᠴᠢᠨ ᠤ ᠵᠢᠱᠢᠶ᠎ᠡ ᠶᠢ | ᠢᠯᠡᠷᠡᠭᠦᠯᠬᠦ ᠪᠠ ᠡᠮᠨᠡᠨ ᠵᠠᠰᠠᠬᠤ ᠠᠵᠢᠯ ᠢ ᠴᠢᠩᠭᠠᠳᠬᠠᠨ᠂ ᠡᠪᠡᠳᠴᠢᠨ ᠡᠮᠭᠡᠭ ᠳᠡᠯᠭᠡᠷᠡᠬᠦ ᠶᠢ ᠬᠤᠷᠢᠭᠯᠠᠨ᠎ᠠ︔ | ᠬᠤᠶᠠᠳᠤᠭᠠᠷ ᠲᠥᠷᠥᠯ ᠤᠨ ᠭᠠᠵᠠᠷ ᠣᠷᠣᠨ ᠨᠢ ᠬᠢᠨᠠᠨ ᠰᠢᠨᠵᠢᠵᠦ ᠬᠠᠮᠢᠶᠠᠷᠬᠤ ᠪᠠᠨ ᠴᠢᠩᠭᠠᠳᠬᠠᠵᠤ᠂ ᠬᠡᠯᠪᠡᠯᠵᠡᠨ | ᠳᠠᠬᠢᠨ ᠳᠡᠯᠭᠡᠷᠡᠬᠦ ᠶᠢ ᠰᠡᠷᠭᠡᠶᠢᠯᠡᠨ᠎ᠡ︔ ᠭᠤᠷᠪᠠᠳᠤᠭᠠᠷ ᠲᠦᠷᠦᠯ ᠤᠨ ᠭᠠᠵᠠᠷ ᠣᠷᠣᠨ ᠨᠢ ᠬᠢᠨᠠᠨ ᠰᠢᠨᠵᠢᠵᠦ | ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠦᠷ᠎ᠡ ᠪᠦᠲᠦᠭᠡᠯ ᠢᠶᠠᠨ ᠢᠳᠡᠪᠬᠢᠲᠡᠢ ᠪᠠᠷ ᠪᠠᠬᠢᠵᠢᠭᠦᠯᠦᠨ᠂ ᠬᠤᠣᠷ | ᠬᠥᠨᠥᠭᠡᠯ ᠢ ᠠᠷᠢᠯᠭᠠᠭᠰᠠᠨ ᠰᠠᠶᠢᠨ ᠰᠠᠶᠢᠬᠠᠨ ᠪᠠᠶᠢᠳᠠᠯ ᠢ ᠰᠠᠶᠢᠲᠤᠷ ᠪᠠᠲᠤᠯᠠᠨ᠎ᠠ᠃ | ᠲᠦᠯᠦᠪᠯᠡᠭᠡ ᠳᠤ ᠪᠠᠰᠠ ︽ᠡᠪᠡᠳᠴᠢᠨ ᠤ ᠵᠢᠱᠢᠶ᠎ᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠡᠮᠴᠢᠯᠡᠭᠡᠨ | ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ︽ᠵᠡᠷᠡᠮᠳᠡᠭ ᠵᠡᠮᠳᠡᠭ ᠤᠨ ᠰᠡᠷᠭᠡᠶᠢᠯᠡᠯᠲᠡ ᠶᠢ ᠴᠢᠩᠭᠠᠳᠬᠠᠵᠤ᠂ ᠪᠥᠬᠦ | ᠲᠠᠯ᠎ᠠ ᠪᠠᠷ ᠡᠷᠡᠭᠦᠯᠵᠢᠬᠦ ᠶᠢ ᠠᠬᠢᠭᠤᠯᠬᠤ︾ ︽ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ ᠨᠡᠶᠢᠭᠡᠮ ᠤᠨ | ᠭᠠᠳᠠᠭᠤᠷᠴᠢᠯᠠᠯ ᠢ ᠠᠷᠢᠯᠭᠠᠬᠤ︾ ᠵᠡᠷᠭᠡ 6 ᠭᠤᠣᠯᠳᠠᠯᠭ᠎ᠠ ᠲᠠᠢ ᠬᠦᠷᠢᠶᠡᠨ ᠠᠴᠠ᠂ ᠡᠷᠲᠡ ᠠᠴᠠ ᠡᠪᠡᠳᠴᠢᠲᠡᠨ ᠢ | ᠢᠯᠡᠷᠡᠭᠦᠯᠬᠦ᠂ ᠨᠠᠷᠢᠯᠢᠭ ᠣᠨᠣᠴᠠᠲᠠᠢ ᠪᠠᠷ ᠡᠮᠨᠡᠨ ᠵᠠᠰᠠᠬᠤ ᠪᠠᠷ ᠴᠢᠷᠮᠠᠶᠢᠬᠤ᠂ ᠵᠡᠷᠡᠮᠳᠡᠭ ᠵᠡᠮᠳᠡᠭ ᠪᠣᠯᠬᠤ ᠶᠢ | ᠰᠡᠷᠭᠡᠶᠢᠯᠡᠬᠦ ᠵᠡᠷᠭᠡ ᠭᠤᠣᠯ ᠡᠭᠦᠷᠭᠡ ᠶᠢ ᠳᠤᠷᠠᠳᠤᠨ ᠭᠠᠷᠭᠠᠪᠠ᠃ | ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠶᠢᠨ ᠨᠡᠶᠢᠲᠡᠯᠡᠭᠰᠡᠨ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠳᠤ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠣᠪᠴᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠡᠯ᠎ᠡ ᠭᠠᠵᠠᠷ ᠤᠨ | ᠠᠵᠢᠯ ᠤᠨ ᠨᠠᠶᠢᠳᠠᠪᠤᠷᠢᠵᠢᠭᠤᠯᠤᠯᠲᠠ ᠶᠢ ᠱᠠᠯᠠᠮᠳᠠᠭᠤᠯᠬᠤ ᠶᠢᠨ ᠬᠠᠮᠲᠤ ᠵᠣᠬᠢᠴᠠᠭᠰᠠᠨ ᠱᠠᠲᠤᠴᠢ ᠴᠢᠨᠠᠷᠲᠠᠢ ᠪᠠ | ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠶᠢ ᠥᠷᠨᠢᠭᠦᠯᠦᠨ᠎ᠡ ᠭᠡᠵᠦ ᠲᠣᠳᠣᠷᠬᠠᠶᠢᠯᠠᠪᠠ᠃ | |