ᠪᠥᠬᠦ ᠬᠤᠲᠠ ᠶᠢᠨ ᠰᠦᠯᠵᠢᠶᠡᠨ ᠤ ᠠᠮᠤᠷ ᠲᠦᠪᠰᠢᠨ ᠤ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠬᠦ‌‍ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/5/29
     5 ᠰᠠᠷ᠎ᠠ  ᠶᠢᠨ 27 ᠤ ᠡᠳᠦᠷ᠂ ᠪᠥᠬᠦ ᠬᠤᠲᠠ ᠶᠢᠨ ᠰᠦᠯᠵᠢᠶᠡᠨ  ᠤ ᠠᠮᠤᠷ ᠲᠦᠪᠰᠢᠨ  ᠤ ᠤᠷ᠎ᠠ ᠴᠢᠳᠠᠪᠤᠷᠢ  ᠶᠢ ᠨᠢ ᠳᠡᠭᠡᠭᠰᠢᠯᠡᠭᠦᠯᠬᠦ ᠪᠣᠯᠪᠠᠰᠤᠷᠠᠯ  ᠤᠨ ᠠᠩᠭᠢ ᠦᠬᠠᠶ  ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠶᠡᠷᠦᠩᠬᠡᠶᠢᠯᠡᠭᠰᠡᠨ ᠳᠠᠳᠤᠯᠭ᠎ᠠ ᠪᠣᠯᠪᠠᠰᠤᠷᠠᠯ  ᠤᠨ ᠰᠠᠭᠤᠷᠢᠨ ᠭᠠᠵᠠᠷ ᠲᠤ ᠬᠢᠴᠢᠶᠡᠯ ᠡᠬᠢᠯᠡᠪᠡ᠃      ᠲᠣᠰ ᠤᠳᠠᠭᠠᠨ  ᠤ ᠪᠣᠯᠪᠠᠰᠤᠷᠠᠯ  ᠨᠢ 4 ᠡᠳᠦᠷ  ᠤᠨ ᠬᠤᠭᠤᠴᠠᠭ᠎ᠠ  ᠲᠠᠢ ᠶᠠᠪᠤᠭᠳᠠᠵᠤ᠂ 8 ᠲᠦᠷᠦᠯ ᠤᠨ ᠬᠢᠴᠢᠶᠡᠯ  ᠢ ᠪᠠᠭᠲᠠᠭᠠᠵᠤ᠂ ᠭᠤᠤᠯᠳᠠᠭᠤ ᠰᠦᠯᠵᠢᠶᠡᠨ  ᠤ ᠠᠮᠤᠷ ᠲᠦᠪᠰᠢᠨ  ᠤ ᠳᠠᠭᠠᠷᠢᠯᠲᠠ ᠶᠢ ᠰᠡᠷᠭᠡᠶᠢᠯᠡᠬᠦ ᠮᠡᠳᠡᠯᠭᠡ  ᠶᠢᠨ ᠰᠢᠰᠲ᠋ᠧᠮ᠂ ᠳᠠᠭᠠᠷᠢᠯᠲᠠ  ᠶᠢ ᠰᠡᠷᠭᠡᠶᠢᠯᠡᠬᠦ ᠪᠣᠳᠠᠲᠤ ᠳᠠᠶᠢᠨ  ᠤ ᠤᠷᠤᠯᠳᠤᠭᠠᠨ ᠤ ᠰᠠᠭᠤᠷᠢ᠂ ᠨᠢᠭᠤᠴᠠ ᠲᠡᠮᠳᠡᠭ  ᠤᠨ ᠤᠬᠠᠭᠠᠨ᠂ ᠬᠡᠷᠡᠭ  ᠤᠨ ᠵᠢᠱᠢᠶ᠎ᠡ  ᠶᠢ ᠵᠠᠳᠠᠯᠬᠤ ᠪᠠ ᠰᠢᠢᠳᠪᠦᠷᠢᠯᠡᠬᠦ ᠵᠡᠷᠭᠡ ᠠᠭᠤᠯᠭ᠎ᠠ  ᠶᠢᠨ ᠲᠣᠭᠤᠷᠢᠨ  ᠳᠤ ᠲᠠᠶᠢᠯᠤᠮᠵᠢ ᠬᠢᠪᠠ᠃ ᠮᠠᠨ  ᠤ ᠬᠤᠲᠠ  ᠶᠢᠨ ᠡᠯ᠎ᠡ ᠭᠤᠤᠯᠳᠠᠯᠭ᠎ᠠ  ᠲᠠᠢ ᠰᠠᠯᠠᠭ᠎ᠠ ᠮᠥᠴᠢᠷ ᠨᠢᠭᠡᠴᠡ ᠪᠣᠯᠤᠨ ᠠᠵᠤ ᠠᠬᠤᠶᠢᠯᠠᠯ  ᠤᠨ 120 ᠭᠠᠷᠤᠶ ᠲᠤᠤᠷ ᠰᠦᠯᠵᠢᠶ᠎ᠡ ᠪᠣᠯᠤᠨ ᠮᠡᠳᠡᠭᠡ ᠵᠠᠩᠭᠢ  ᠶᠢᠨ ᠠᠮᠤᠷ ᠲᠦᠪᠰᠢᠨ  ᠤ ᠬᠠᠮᠢᠶᠠᠷᠤᠭᠴᠢ ᠲᠣᠰ ᠤᠳᠠᠭᠠᠨ  ᠤ ᠪᠣᠯᠪᠠᠰᠤᠷᠠᠯ  ᠳᠤ ᠣᠷᠣᠯᠴᠠᠪᠠ᠃     ᠲᠣᠰ ᠤᠳᠠᠭᠠᠨ ᠤ ᠪᠣᠯᠪᠠᠰᠤᠷᠠᠯ ᠤᠨ ᠵᠣᠷᠢᠯᠭ᠎ᠠ ᠨᠢ ᠮᠠᠨ ᠤ ᠬᠤᠲᠠ ᠶᠢᠨ ᠰᠦᠯᠵᠢᠶᠡᠨ ᠤ ᠠᠮᠤᠷ ᠲᠦᠪᠰᠢᠨ  ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ  ᠶᠢ ᠴᠢᠩᠭᠠᠳᠬᠠᠵᠤ᠂ ᠨᠢᠭᠡ ᠪᠦᠯᠦᠭ ᠰᠦᠯᠵᠢᠶᠡᠨ  ᠤ ᠠᠮᠤᠷ ᠲᠦᠪᠰᠢᠨ  ᠤ ᠮᠡᠷᠭᠡᠵᠢᠯ ᠤᠨ ᠴᠢᠳᠠᠪᠤᠷᠢᠲᠠᠨ  ᠢ ᠢᠯᠡᠷᠡᠭᠦᠯᠦᠨ ᠬᠥᠮᠦᠵᠢᠭᠦᠯᠵᠦ᠂ ᠪᠣᠯᠪᠠᠰᠤᠷᠠᠯ  ᠳᠤ ᠣᠷᠣᠯᠴᠠᠭᠰᠠᠳ  ᠤᠨ ᠰᠦᠯᠵᠢᠶᠡᠨ  ᠤ ᠠᠮᠤᠷ ᠲᠦᠪᠰᠢᠨ  ᠤ ᠳᠠᠭᠠᠷᠢᠯᠲᠠ ᠶᠢ ᠰᠡᠷᠭᠡᠶᠢᠯᠡᠬᠦ ᠤᠷ᠎ᠠ ᠴᠢᠳᠠᠪᠤᠷᠢ  ᠶᠢ ᠨᠢ ᠳᠡᠭᠡᠭᠰᠢᠯᠡᠭᠦᠯᠦᠨ᠂ ᠡᠯ᠎ᠡ ᠲᠥᠷᠥᠯ  ᠤᠨ ᠰᠦᠯᠵᠢᠶᠡᠨ  ᠤ ᠠᠮᠤᠷ ᠲᠦᠪᠰᠢᠨ  ᠤ ᠠᠶᠤᠯ ᠲᠦᠭᠰᠢᠭᠦᠷᠢ  ᠶᠢᠨ ᠳᠠᠯᠳᠠ ᠬᠡᠮ  ᠢ ᠨᠠᠩ ᠰᠠᠶᠢᠲᠤᠷ ᠰᠡᠷᠭᠡᠶᠢᠯᠡᠨ ᠠᠷᠢᠯᠭᠠᠵᠤ᠂ ᠪᠥᠬᠦ ᠬᠤᠲᠠ  ᠶᠢᠨ ᠰᠦᠯᠵᠢᠶᠡᠨ ᠤ ᠠᠮᠤᠷ ᠲᠦᠪᠰᠢᠨ  ᠤ ᠬᠠᠯᠬᠠᠪᠴᠢ ᠶᠢ ᠬᠠᠮᠲᠤ  ᠪᠠᠷ ᠪᠠᠬᠢᠵᠢᠭᠦᠯᠬᠦ  ᠶᠢᠨ ᠲᠥᠯᠥᠭᠡ ᠶᠤᠮ  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号