ᠪᠤᠭᠤᠲᠤ ᠶᠢᠨ ᠲᠣᠭᠠᠴᠢᠯᠠᠭᠰᠠᠨ ᠨᠡᠭᠦᠷᠡᠰᠦᠲᠥ᠋ᠷᠥᠭᠴᠢ  ᠶᠢᠨ ᠪᠢᠯᠧᠲ ᠨᠢ ᠪᠦᠬᠦ ᠣᠷᠣᠨ  ᠤ ᠤᠢ ᠰᠢᠭᠤᠢ ᠨᠤᠲᠤᠭ ᠪᠡᠯᠴᠢᠭᠡᠷ  ᠤᠨ ᠨᠡᠭᠦᠷᠡᠰᠦᠲᠥ᠋ᠷᠥᠭᠴᠢᠲᠦ ᠬᠤᠷᠠᠮᠳᠤᠯ  ᠤᠨ ᠪᠣᠯᠪᠠᠰᠤᠷᠠᠯ ᠤᠨ ᠬᠤᠷᠠᠯ ᠳᠤ ᠬᠦᠴᠦᠨ ᠨᠡᠮᠡᠷᠢᠯᠡᠵᠦ᠂ ᠨᠡᠭᠦᠷᠡᠰᠦᠲᠥ᠋ᠷᠥᠭᠴᠢᠲᠦ ᠰᠠᠭᠠᠷᠮᠠᠭᠵᠢᠯ ᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2024/5/29
     5 ᠳ᠋ᠤᠭᠠᠷ ᠰᠠᠷ᠎ᠠ ᠶᠢᠨ 16 ᠤ ᠡᠳᠦᠷ  ᠠᠴᠠ 19 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ  ᠤ ᠣᠶ ᠰᠢᠭᠤᠶ ᠨᠤᠲᠤᠭ ᠪᠡᠯᠴᠢᠭᠡᠷ  ᠤᠨ ᠲᠣᠪᠴᠢᠶ᠎ᠠ  ᠠᠴᠠ ᠭᠤᠤᠯᠯᠠᠨ ᠡᠷᠬᠢᠯᠡᠭᠰᠡᠨ᠂ ᠪᠤᠭᠤᠲᠤ ᠬᠤᠲᠠ ᠶᠢᠨ ᠣᠶ ᠰᠢᠭᠤᠶ ᠲᠠᠯ᠎ᠠ ᠨᠤᠲᠤᠭ  ᠤᠨ ᠲᠣᠪᠴᠢᠶ᠎ᠠ  ᠠᠴᠠ ᠳᠠᠭᠠᠭᠠᠨ ᠡᠷᠭᠢᠯᠡᠭᠰᠡᠨ ᠪᠥᠬᠦ ᠣᠷᠣᠨ  ᠤ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢᠲᠦ ᠬᠤᠷᠠᠮᠳᠤᠯ ᠤᠨ ᠪᠣᠯᠪᠠᠰᠤᠷᠠᠯ ᠤᠨ ᠠᠩᠭᠢ ᠪᠤᠭᠤᠲᠤ ᠬᠤᠲᠠ  ᠳᠤ ᠶᠠᠪᠤᠭᠳᠠᠪᠠ᠃      ᠲᠣᠰ ᠤᠳᠠᠭᠠᠨ ᠤ ᠪᠣᠯᠪᠠᠰᠤᠷᠠᠯ  ᠤᠨ ᠠᠩᠭᠢ ᠨᠢ ᠪᠣᠬᠢᠷᠲᠤᠯ ᠥᠬᠡᠶ ᠳᠣᠣᠷ᠎ᠠ ᠨᠡᠭᠦᠷᠡᠰᠦᠲᠥ᠋ᠷᠥᠭᠴᠢᠲᠦ ᠬᠤᠷᠠᠯ ᠡᠷᠭᠢᠯᠡᠬᠦ ᠣᠶᠢᠯᠠᠭᠠᠭᠳᠠᠬᠤᠨ  ᠢ ᠢᠳᠡᠪᠬᠢᠲᠡᠶ  ᠪᠠᠷ ᠦᠢᠯᠡᠳᠦᠯᠭᠡᠵᠢᠭᠦᠯᠵᠦ᠂ ᠪᠤᠭᠤᠲᠤ ᠬᠤᠲᠠ ᠶᠢᠨ ︽ᠲᠣᠮᠣ ᠬᠡᠯᠪᠡᠷᠢ  ᠶᠢᠨ ᠠᠵᠢᠯᠯᠠᠭ᠎ᠠ  ᠶᠢᠨ ᠣᠶ ᠰᠢᠭᠤᠶ ᠲᠠᠯ᠎ᠠ ᠨᠤᠲᠤᠭ ᠤᠨ ᠨᠡᠭᠦᠷᠡᠰᠦᠲᠥ᠋ᠷᠥᠭᠴᠢᠲᠦ ᠬᠤᠷᠠᠮᠳᠤᠯ ᠨᠡᠭᠦᠷᠡᠰᠦᠲᠥ᠋ᠷᠥᠭᠴᠢᠲᠦ ᠰᠠᠭᠠᠷᠮᠠᠭᠵᠢᠯ  ᠤᠨ ᠮᠡᠷᠭᠡᠵᠢᠯ ᠤᠨ ᠵᠢᠷᠤᠮᠵᠢᠯ︾ ᠤᠨ ᠬᠤᠯᠪᠣᠭᠳᠠᠯ ᠪᠥᠬᠦᠶ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠨᠡᠭᠦᠷᠡᠰᠦᠲᠥ᠋ᠷᠥᠭᠴᠢ ᠥᠬᠡᠶ ᠬᠤᠷᠠᠯ ᠤᠨ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠵᠤ᠂ ᠰᠠᠨᠠᠭᠠᠴᠢᠯᠠᠬᠤ  ᠶᠢᠨ ᠬᠠᠮᠲᠤ ᠪᠥᠬᠦ ᠶᠠᠪᠤᠴᠠ  ᠳᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠠᠷᠭ᠎ᠠ ᠬᠡᠮᠵᠢᠶ᠎ᠡ  ᠶᠢ ᠬᠡᠷᠡᠭᠵᠢᠭᠦᠯᠵᠦ᠂ ᠬᠤᠷᠠᠯ  ᠤᠨ ᠪᠥᠬᠦ ᠶᠠᠪᠤᠴᠠ ᠡᠯ᠎ᠡ ᠭᠤᠭᠴᠤᠭ᠎ᠠ  ᠶᠢᠨ ᠴᠢᠯᠠᠭᠤᠵᠢᠮᠠᠯ ᠲᠦᠯᠡᠰᠢ  ᠶᠢ ᠰᠢᠲᠠᠭᠠᠵᠦ ᠭᠠᠳᠠᠭᠰᠢᠯᠠᠭᠤᠯᠬᠤ᠂ ᠴᠠᠬᠢᠯᠭᠠᠨ ᠬᠦᠴᠦᠨ ᠤ ᠢᠯᠴᠢ ᠶᠢᠨ ᠬᠦᠴᠦᠨ ᠤ ᠭᠠᠳᠠᠭᠰᠢᠯᠠᠭᠤᠯᠤᠯᠲᠠ᠂ ᠵᠠᠮ ᠬᠠᠷᠢᠯᠴᠠᠭᠠᠨ ᠤ ᠭᠠᠳᠠᠭᠰᠢᠯᠠᠭᠤᠯᠤᠯᠲᠠ᠂ ᠬᠤᠨᠤᠭ ᠪᠠᠭᠤᠳᠠᠯ ᠢᠳᠡᠭᠡᠨ ᠤᠮᠳᠠᠭᠠᠨ ᠤ ᠭᠠᠳᠠᠭᠰᠢᠯᠠᠭᠤᠯᠤᠯᠲᠠ᠂ ᠬᠤᠷᠠᠯ  ᠤᠨ ᠬᠡᠷᠡᠭᠰᠡᠯ  ᠤᠨ ᠳᠠᠯᠳᠠ ᠭᠠᠳᠠᠭᠰᠢᠯᠠᠭᠤᠯᠤᠯᠲᠠ᠂ ᠬᠠᠶᠠᠭᠳᠠᠮᠠᠯ ᠪᠣᠳᠠᠰ ᠤᠨ ᠰᠢᠢᠳᠪᠦᠷᠢᠯᠡᠯᠲᠡ ᠠᠴᠠ ᠪᠣᠯᠤᠭᠰᠠᠨ ᠭᠠᠳᠠᠭᠰᠢᠯᠠᠭᠤᠯᠤᠯᠲᠠ ᠵᠡᠷᠭᠡ ᠲᠠᠯ᠎ᠠ ᠪᠠᠷ ᠡᠨᠧᠷᠭᠢ ᠠᠷᠪᠢᠯᠠᠵᠤ ᠳᠣᠣᠷ᠎ᠠ ᠨᠡᠭᠦᠷᠡᠰᠦᠲᠥ᠋ᠷᠥᠭᠴᠢᠲᠦ  ᠶᠢᠨ ᠬᠠᠮᠢᠶᠠᠷᠤᠯᠲᠠ ᠬᠢᠵᠦ᠂ ᠬᠤᠷᠠᠯ ᠤᠨ ᠪᠦᠬᠦ ᠶᠠᠪᠤᠴᠠ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ  ᠶᠢᠨ ᠬᠡᠮᠵᠢᠶ᠎ᠡ  ᠶᠢ ᠬᠠᠮᠤᠭ  ᠤᠨ ᠳᠣᠣᠷ᠎ᠠ ᠬᠡᠮᠵᠢᠶᠡᠨ  ᠳᠤ ᠬᠦᠷᠭᠡᠪᠡ᠃ ᠡᠨᠡ ᠬᠦ ᠰᠠᠭᠤᠷᠢᠨ ᠳᠡᠭᠡᠷ᠎ᠡ᠂ ᠴᠢᠩᠭ᠎ᠠ ᠲᠣᠭᠠᠴᠠᠭ᠎ᠠ ᠬᠢᠬᠦ ᠪᠠᠷ ᠳᠠᠮᠵᠢᠭᠤᠯᠤᠨ᠂ ᠲᠣᠰ ᠤᠳᠠᠭᠠᠨ ᠤ ᠬᠤᠷᠠᠯ ᠠᠴᠠ ᠪᠣᠯᠤᠭᠰᠠᠨ ᠬᠦᠯᠡᠮᠵᠢ  ᠶᠢᠨ ᠬᠡᠶ ᠪᠡᠶᠡᠲᠦ  ᠶᠢᠨ ᠭᠠᠳᠠᠭᠰᠢᠯᠠᠭᠤᠯᠤᠯᠲᠠ  ᠶᠢᠨ ᠬᠡᠮᠵᠢᠶ᠎ᠡ 8.5838 ᠲᠣᠨ ᠪᠠᠶᠢᠪᠠ᠃      ᠪᠤᠭᠤᠲᠤ ᠬᠤᠳᠠ  ᠶᠢᠨ ᠤᠢ ᠰᠢᠭᠤᠢ ᠲᠠᠯ᠎ᠠ ᠨᠤᠳᠤᠭ  ᠤᠨ ᠲᠣᠪᠴᠢᠶ᠎ᠠ  ᠠᠴᠠ ᠪᠤᠭᠤᠲᠤ ᠶᠢᠨ ᠲᠣᠭᠠᠴᠢᠯᠠᠭᠰᠠᠨ ᠨᠡᠭᠦᠷᠡᠰᠦᠲᠥ᠋ᠷᠥᠭᠴᠢ  ᠶᠢᠨ ᠪᠢᠯᠧᠲ  ᠢᠶᠠᠷ ᠲᠤᠰ ᠤᠳᠠᠭᠠᠨ ᠤ ᠬᠤᠷᠠᠯ ᠤᠨ ᠨᠡᠭᠦᠷᠡᠰᠦᠲᠥ᠋ᠷᠥᠭᠴᠢ  ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ  ᠶᠢ ᠬᠠᠩᠭᠠᠵᠤ᠂ ᠡᠭᠦᠨ ᠤ ᠤᠯᠠᠮ  ᠠᠴᠠ ᠨᠡᠭᠦᠷᠡᠰᠦᠲᠥ᠋ᠷᠥᠭᠴᠢᠲᠦ ᠰᠠᠭᠠᠷᠮᠠᠭᠵᠢᠯ ᠢ ᠪᠡᠶᠡᠯᠡᠭᠦᠯᠵᠦ᠂ ᠪᠠᠰᠠ ᠨᠢᠭᠡ ᠨᠡᠭᠦᠷᠡᠰᠦᠲᠥ᠋ᠷᠥᠭᠴᠢ ᠥᠬᠡᠶ ᠬᠤᠷᠠᠯ᠂ ᠪᠣᠬᠢᠷᠲᠤᠯ ᠦᠭᠡᠢ ᠬᠤᠷᠠᠯ ᠢ ᠪᠠᠶᠢᠭᠤᠯᠪᠠ᠃      ᠬᠤᠶᠢᠰᠢᠳᠠ᠂ ᠪᠤᠭᠤᠲᠤ ᠬᠤᠲᠠ ᠶᠢᠨ ᠣᠶ ᠰᠢᠭᠤᠶ ᠲᠠᠯ᠎ᠠ ᠨᠤᠲᠤᠭ  ᠤᠨ ᠲᠣᠪᠴᠢᠶ᠎ᠠ ᠨᠢ ᠣᠶ ᠰᠢᠭᠤᠶ ᠲᠠᠯ᠎ᠠ ᠨᠤᠲᠤᠭ  ᠤᠨ ᠨᠡᠭᠦᠷᠡᠰᠦᠲᠥ᠋ᠷᠥᠭᠴᠢᠲᠦ ᠬᠤᠷᠠᠮᠳᠤᠯ  ᠢᠶᠠᠷ ᠬᠤᠲᠠ ᠶᠢᠨ ᠬᠡᠪᠴᠢᠶᠡᠨ ᠳᠠᠬᠢ ᠨᠡᠭᠦᠷᠡᠰᠦᠲᠥ᠋ᠷᠥᠭᠴᠢᠲᠦ ᠰᠠᠭᠠᠷᠮᠠᠭᠵᠢᠯ ᠤᠨ ᠠᠵᠢᠯ ᠤᠨ ᠲᠠᠰ ᠳᠡᠪᠰᠢᠬᠦ ᠶᠢ ᠢᠳᠡᠪᠬᠢᠲᠡᠶ ᠠᠬᠢᠭᠤᠯᠵᠤ᠂ ︽ᠨᠡᠭᠦᠷᠡᠰᠦᠲᠥ᠋ᠷᠥᠭᠴᠢ ᠦᠭᠡᠢ︾ ᠠᠵᠢᠯᠯᠠᠭ᠎ᠠ  ᠶᠢᠨ ᠠᠵᠢᠯ  ᠤᠨ ᠵᠣᠬᠢᠴᠠᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂      ︽ᠨᠡᠭᠦᠷᠡᠰᠦᠲᠥ᠋ᠷᠥᠭᠴᠢ ᠦᠭᠡᠢ︾ ᠬᠤᠷᠠᠯ᠂ ︽ᠨᠡᠭᠦᠷᠡᠰᠦᠲᠥ᠋ᠷᠥᠭᠴᠢ ᠦᠭᠡᠢ︾ ᠪᠠᠶᠢᠭᠤᠯᠭ᠎ᠠ  ᠪᠠᠷ ᠤᠳᠤᠷᠢᠳᠤᠮᠵᠢ ᠪᠣᠯᠭᠠᠵᠤ᠂ ᠪᠥᠬᠦ ᠬᠤᠲᠠ ᠶᠢᠨ ︽ᠨᠡᠭᠦᠷᠡᠰᠦᠲᠥ᠋ᠷᠥᠭᠴᠢ ᠦᠭᠡᠢ︾ ᠠᠵᠢᠯᠯᠠᠭ᠎ᠠ ᠶᠢ ᠪᠠᠶᠢᠩᠭᠤᠵᠢᠭᠤᠯᠬᠤ ᠶᠢ ᠠᠯᠬᠤᠮ ᠠᠯᠬᠤᠮ ᠢᠶᠠᠷ ᠠᠬᠢᠭᠤᠯᠵᠤ᠂ ᠪᠥᠬᠦ ᠬᠤᠲᠠ ᠶᠢᠨ ᠨᠡᠶᠢᠭᠡᠮ  ᠤᠨ ᠠᠵᠢᠯᠯᠠᠭ᠎ᠠ  ᠶᠢᠨ ᠲᠠᠯ᠎ᠠ  ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ  ᠶᠢ ᠪᠠᠭᠠᠰᠬᠠᠬᠤ᠂ ︽ᠪᠣᠬᠢᠷᠲᠤᠯ ᠥᠬᠡᠶ ᠪᠤᠭᠤᠲᠤ︾ ᠶᠢ ᠪᠥᠲᠥᠭᠡᠨ ᠪᠠᠶᠢᠭᠤᠯᠬᠤ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号