ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠶᠯᠡᠳᠪᠦᠷᠢᠯᠡᠯ ᠤᠨ ᠵᠥᠪᠯᠡᠯ  ᠤᠨ ᠠᠯᠪᠠᠨ ᠬᠡᠷ ᠠᠭᠤᠷᠬᠠᠶ ᠶᠢᠨ ᠠᠶᠤᠯ ᠥᠬᠡᠶ ᠦᠶᠯᠡᠳᠪᠦᠷᠢᠯᠡᠯ ᠤᠨ ᠲᠤᠰᠬᠠᠶ ᠰᠡᠳᠦᠪᠲᠦ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2024/5/29
     5 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠶᠯᠡᠳᠪᠦᠷᠢᠯᠡᠯ  ᠤᠨ ᠵᠥᠪᠯᠡᠯ ᠤᠨ ᠠᠯᠪᠠᠨ ᠬᠡᠷ ᠠᠶᠤᠯ ᠥᠬᠡᠶ ᠦᠶᠯᠡᠳᠪᠦᠷᠢᠯᠡᠯ ᠤᠨ ᠲᠤᠰᠬᠠᠶ ᠰᠡᠳᠦᠪᠲᠦ ᠲᠠᠶᠢᠯᠤᠮᠵᠢ ᠡᠷᠭᠢᠯᠡᠵᠦ᠂ ᠳᠤᠮᠳᠠᠳᠤ ᠤᠯᠤᠰ ᠤᠨ ᠠᠭᠤᠷᠬᠠᠶ ᠶᠢᠨ ᠦᠶᠯᠡᠰ ᠤᠨ ᠶᠡᠭᠡ ᠰᠤᠷᠭᠠᠭᠤᠯᠢ ᠶᠢᠨ ᠠᠮᠤᠷ ᠲᠦᠪᠰᠢᠨ ᠤ ᠰᠢᠨᠵᠢᠯᠡᠬᠦ ᠤᠬᠠᠭᠠᠨ ᠬᠢᠭᠡᠳ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠯᠢ ᠱᠤᠸᠠᠩ ᠫᠷᠤᠹᠧᠰᠰᠤᠷ ᠢ ᠤᠷᠢᠵᠤ᠂《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠲᠦᠭᠰᠢᠭᠦᠷᠢ ᠶᠢ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠬᠤ ᠵᠢᠴᠢ ᠬᠠᠮᠢᠶᠠᠷᠤᠨ ᠡᠵᠡᠮᠳᠡᠬᠦ》ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃      ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠤᠯᠤᠰ  ᠤᠨ ᠠᠭᠤᠷᠬᠠᠶ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ᠂ ᠬᠥᠬᠡᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢᠭᠡᠴᠢ ᠶᠢᠨ ᠪᠥᠬᠦ ᠠᠵᠢᠯᠲᠠᠨ᠂ ᠬᠥᠬᠡᠬᠤᠲᠠ ᠳᠤ ᠰᠠᠭᠤᠭ᠎ᠠ ᠵᠢᠴᠢ ᠬᠥᠬᠡᠬᠤᠲᠠ ᠠᠴᠠ ᠭᠠᠳᠠᠨᠠᠬᠢ ᠬᠡᠰᠡᠭ ᠭᠤᠤᠯᠳᠠᠯᠭ᠎ᠠ ᠲᠠᠢ ᠠᠭᠤᠷᠬᠠᠶ  ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠪᠤᠶᠤ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠣᠷᠣᠯᠴᠠᠵᠠᠶ᠃ ᠪᠤᠰᠤᠳ 11 ᠠᠶᠢᠮᠠᠭ ᠬᠤᠲᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ᠂ ᠬᠥᠬᠡᠬᠤᠲᠠ ᠶᠢᠨ ᠭᠠᠳᠠᠨᠠᠬᠢ ᠭᠤᠤᠯᠳᠠᠯᠭ᠎ᠠ ᠲᠠᠢ ᠠᠭᠤᠷᠬᠠᠶ ᠶᠢᠨ ᠠᠵᠤ ᠠᠬᠤᠶᠢᠯᠠᠯ  ᠤᠨ ᠭᠤᠤᠯ ᠬᠠᠷᠢᠭᠤᠴᠠᠯᠭᠠᠲᠠᠨ ᠪᠤᠶᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠬᠠᠷᠢᠶ᠎ᠠ ᠭᠠᠵᠠᠷ ᠤᠨ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠪᠠ᠃ ᠯᠢ ᠱᠤᠸᠠᠩ ᠫᠷᠤᠹᠧᠰᠰᠤᠷ ᠠᠭᠤᠷᠬᠠᠶ ᠶᠢᠨ ᠠᠮᠤᠷ ᠲᠦᠪᠰᠢᠨ  ᠤ ᠠᠶᠤᠯ ᠲᠦᠭᠰᠢᠭᠦᠷᠢ ᠶᠢ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠬᠤ ᠡᠨᠡ ᠬᠦ ᠭᠤᠤᠯ ᠰᠡᠳᠦᠪ ᠤᠨ ᠲᠣᠭᠤᠷᠢᠨ ᠳᠤ᠂《ᠶᠠᠭᠤᠨ ᠳᠤ ᠠᠭᠤᠷᠬᠠᠶ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠵᠠᠳᠠᠯᠤᠨ ᠰᠤᠳᠤᠯᠵᠤ ᠮᠠᠭᠠᠳᠯᠠᠬᠤ ᠵᠢᠴᠢ ᠬᠠᠮᠢᠶᠠᠷᠤᠨ ᠡᠵᠡᠮᠳᠡᠬᠦ ᠬᠡᠷᠡᠭᠲᠡᠶ》᠂《ᠠᠭᠤᠷᠬᠠᠶ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠵᠠᠳᠠᠯᠤᠨ ᠰᠤᠳᠤᠯᠵᠤ ᠮᠠᠭᠠᠳᠯᠠᠬᠤ ᠵᠢᠴᠢ ᠬᠠᠮᠢᠶᠠᠷᠤᠨ ᠡᠵᠡᠮᠳᠡᠬᠦ ᠶᠢ ᠥᠷᠨᠢᠭᠦᠯᠦᠭᠰᠡᠨ ᠪᠠᠶᠢᠳᠠᠯ》᠂《ᠠᠭᠤᠷᠬᠠᠶ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠬᠤ ᠵᠢᠴᠢ ᠬᠠᠮᠢᠶᠠᠷᠤᠨ ᠡᠵᠡᠮᠳᠡᠬᠦ ᠠᠵᠢᠯ ᠢ ᠬᠡᠷᠬᠢᠨ ᠰᠠᠶᠢᠲᠤᠷ ᠬᠢᠬᠦ ᠪᠣᠶ》ᠭᠡᠬᠦ ᠭᠤᠷᠪᠠᠨ ᠲᠠᠯ᠎ᠠ ᠠᠴᠠ ᠣᠨᠣᠯ ᠪᠣᠯᠤᠨ ᠪᠣᠳᠠᠲᠤ ᠪᠠᠶᠢᠳᠠᠯ ᠬᠤᠶᠠᠷ ᠵᠦᠶᠯ ᠤᠨ ᠬᠠᠷᠠᠭᠠᠰᠤ᠂ ᠣᠷᠣᠨ ᠤ ᠳᠣᠲᠣᠷ᠎ᠠ ᠪᠠ ᠣᠷᠣᠨ ᠤ ᠭᠠᠳᠠᠨᠠᠬᠢ ᠬᠤᠶᠠᠷ ᠲᠥᠷᠥᠯ ᠤᠨ ᠲᠤᠷᠰᠢᠯᠲᠠ ᠶᠢᠨ ᠴᠡᠭ᠂ ᠲᠠᠪᠴᠠᠩ ᠪᠠ ᠲᠤᠭ᠎ᠠ ᠪᠠᠷᠢᠮᠲᠠ ᠬᠤᠶᠠᠷ ᠵᠦᠶᠯ ᠤᠨ ᠭᠠᠷᠳᠠᠴᠠ ᠳᠤ ᠨᠠᠷᠢᠨ ᠲᠠᠶᠢᠯᠤᠮᠵᠢ ᠬᠢᠵᠦ᠂ ᠪᠥᠬᠦ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠬᠤ ᠵᠢᠴᠢ ᠬᠠᠮᠢᠶᠠᠷᠤᠨ ᠡᠵᠡᠮᠳᠡᠬᠦ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠬᠠᠪᠰᠤᠷᠤᠨ ᠵᠢᠯᠣᠭᠤᠳᠣᠯᠭ᠎ᠠ ᠬᠢᠪᠠ᠃     ᠬᠤᠷᠠᠯ ᠳᠤ ᠣᠷᠣᠯᠴᠠᠭᠰᠠᠳ᠂ ᠲᠤᠰ ᠤᠳᠠᠭ᠎ᠠ ᠶᠢᠨ ᠲᠤᠰᠬᠠᠢ ᠰᠡᠳᠦᠪᠲᠦ ᠲᠠᠶᠢᠯᠤᠮᠵᠢ ᠶᠢᠨ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠠᠭᠤᠷᠬᠠᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠳᠡᠰ ᠬᠤᠪᠢᠶᠠᠨ ᠰᠤᠳᠤᠯᠤᠨ ᠮᠠᠭᠠᠳᠯᠠᠬᠤ ᠶᠢ ᠦᠨᠡᠨ ᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠪᠣᠭᠤᠮᠲᠠ  ᠶᠢ ᠤᠷᠤᠭᠰᠢ ᠠᠬᠢᠭᠤᠯᠬᠤ ᠬᠡᠷᠡᠭᠲᠡᠢ ᠭᠡᠵᠤ ᠦᠵᠡᠪᠡ᠃ ᠮᠦᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠲᠡᠰ ᠬᠤᠪᠢᠶᠠᠨ ᠬᠠᠮᠢᠶᠠᠷᠤᠨ ᠡᠵᠡᠮᠳᠡᠬᠦ ᠪᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠶᠤᠯ ᠲᠦᠭᠰᠢᠭᠦᠷᠢ ᠶᠢ ᠢᠯᠭᠠᠨ ᠲᠠᠨᠢᠬᠤ ᠪᠠ ᠬᠠᠮᠢᠶᠠᠷᠤᠨ ᠡᠵᠡᠮᠳᠡᠬᠦ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠪᠦᠬᠦ ᠰᠢᠰᠲ᠋ᠧᠮ᠂ ᠪᠦᠬᠦ ᠠᠵᠢᠯ ᠤᠨ ᠪᠠᠶᠢᠷᠢ ᠶᠢᠨ ᠠᠶᠤᠯ ᠲᠦᠭᠰᠢᠭᠦᠷᠢ ᠶᠢ ᠢᠯᠭᠠᠨ ᠲᠠᠨᠢᠬᠤ ᠦᠨᠡᠯᠡᠨ ᠵᠢᠱᠢᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠠᠨᠠᠭᠠᠴᠢᠯᠠᠭᠠᠲᠤ ᠪᠤᠰᠤ ᠭᠠᠮᠰᠢᠭ ᠢ ᠵᠠᠰᠠᠬᠤ ᠲᠡᠶᠢᠰᠢ ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ ᠶᠢᠨ ᠬᠠᠮᠲᠤ ᠤᠷᠢᠳᠴᠢᠯᠠᠨ ᠬᠠᠮᠢᠶᠠᠷᠤᠨ ᠡᠵᠡᠮᠳᠡᠬᠦ ᠰᠢᠨ᠎ᠡ ᠵᠠᠭᠪᠤᠷ ᠲᠡᠶᠢᠰᠢ ᠬᠡᠯᠪᠡᠷᠢ ᠪᠠᠨ ᠬᠤᠪᠢᠷᠠᠭᠤᠯᠬᠤ  ᠶᠢ ᠠᠬᠢᠭᠤᠯᠵᠤ᠂ ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ《ᠵᠢᠷᠭᠤᠭᠠᠨ ᠢᠨᠵᠧᠨᠧᠷᠢᠩ》 ᠢ ᠬᠡᠷᠡᠭᠵᠢᠭᠦᠯᠬᠦ᠂《ᠲᠠᠪᠤᠨ ᠶᠡᠭᠡ ᠡᠭᠦᠷᠭᠡ》 ᠶᠢ ᠨᠠᠶᠢᠳᠠᠪᠤᠷᠢᠵᠢᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ ᠭᠡᠵᠠᠢ᠃

5.29.jpg

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号