ᠰᠠᠶᠢᠬᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠵᠢᠴᠢ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/29
      ᠤᠯᠤᠰ ᠤᠨ ᠭᠠᠵᠠᠷ ᠬᠥᠳᠡᠯᠦᠯᠲᠡ  ᠠᠴᠠ ᠰᠡᠷᠭᠡᠶᠢᠯᠡᠵᠦ ᠭᠠᠮᠰᠢᠭ  ᠢ ᠪᠠᠭᠠᠰᠬᠠᠬᠤ ᠤᠷᠢᠶᠠᠯᠠᠭ᠎ᠠ  ᠶᠢ ᠢᠳᠡᠪᠬᠢᠲᠡᠢ ᠴᠤᠤᠷᠢᠶᠠᠲᠤᠨ᠂ 5 ᠰᠠᠷ᠎ᠠ  ᠶᠢᠨ 16 ᠤ ᠡᠳᠦᠷ᠂ ᠰᠠᠶᠢᠬᠠᠨ ᠲᠣᠭᠤᠷᠢᠭ  ᠤᠨ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ  ᠶᠢᠨ ᠲᠣᠪᠴᠢᠶ᠎ᠠ ᠪᠡᠭᠡᠵᠢᠩ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠬᠥᠬᠡᠬᠤᠲᠠ  ᠶᠢᠨ ᠬᠤᠪᠢᠶᠠᠷᠢ ᠰᠤᠷᠭᠠᠭᠤᠯᠢ  ᠳᠤ ᠭᠠᠵᠠᠷ ᠬᠥᠳᠡᠯᠦᠯᠲᠡ  ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ  ᠢ ᠲᠦᠭᠡᠮᠡᠯᠵᠢᠭᠦᠯᠬᠦ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠵᠢᠴᠢ ᠪᠣᠳᠠᠲᠤ ᠪᠠᠶᠢᠯᠳᠤᠭᠠᠨ ᠤ ᠰᠣᠷᠢᠯᠲᠠ ᠶᠢᠨ ᠠᠵᠢᠯᠯᠠᠭ᠎ᠠ ᠥᠷᠨᠢᠭᠦᠯᠦᠭᠰᠡᠨ ᠨᠢ ᠪᠠᠭᠰᠢ ᠰᠤᠷᠤᠭᠴᠢᠳ  ᠤᠨ ᠭᠠᠵᠠᠷ ᠬᠥᠳᠡᠯᠦᠯᠲᠡ  ᠶᠢᠨ ᠠᠮᠤᠷ ᠲᠦᠪᠰᠢᠨ  ᠤ ᠤᠬᠠᠮᠰᠠᠷ  ᠢ ᠴᠢᠩᠭᠠᠳᠬᠠᠵᠤ᠂ ᠠᠶᠤᠯ  ᠠᠴᠠ ᠪᠠᠴᠢᠮ ᠵᠠᠶᠢᠯᠠᠬᠤ ᠪᠠ ᠥᠪᠡᠷ  ᠢ  ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ  ᠶᠢ ᠳᠡᠭᠡᠭᠰᠢᠯᠡᠭᠦᠯᠬᠦ  ᠶᠢᠨ ᠲᠥᠯᠥᠭᠡ ᠶᠤᠮ᠃      ᠲᠣᠰ ᠤᠳᠠᠭᠠᠨ  ᠤ ᠠᠵᠢᠯᠯᠠᠭ᠎ᠠ  ᠳᠤ ᠬᠥᠬᠡᠬᠤᠲᠠ  ᠶᠢᠨ ᠭᠠᠵᠠᠷ ᠬᠥᠳᠡᠯᠦᠯᠲᠡ  ᠶᠢ ᠬᠢᠨᠠᠨ ᠬᠡᠮᠵᠢᠬᠦ ᠲᠥᠪ ᠤᠨ ᠳᠡᠳ᠋ ᠡᠷᠬᠢᠯᠡᠭᠴᠢ ᠵᠠᠩ ᠢᠦᠢ ᠹᠧᠢ  ᠶᠢ ᠣᠨᠴᠠ ᠤᠷᠢᠵᠤ ᠶᠠᠷᠢᠶᠠᠨ ᠤ ᠬᠦᠨᠳᠦᠲᠦ ᠵᠣᠴᠢᠨ ᠤ ᠲᠤᠰᠢᠶᠠᠯ ᠢ ᠡᠭᠦᠷᠭᠡᠯᠡᠪᠡ᠃ ᠪᠠᠶᠠᠯᠢᠭ ᠲᠤᠰᠬᠠᠢ ᠮᠡᠷᠭᠡᠵᠢᠯ ᠤᠨ ᠮᠡᠳᠡᠯᠭᠡ ᠪᠣᠯᠣᠨ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ  ᠶᠢᠨ ᠠᠷᠭ᠎ᠠ ᠬᠡᠯᠪᠡᠷᠢ ᠪᠠᠷ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ  ᠲᠤ ᠭᠠᠵᠠᠷ ᠬᠥᠳᠡᠯᠦᠯᠲᠡ ᠶᠢᠨ ᠰᠠᠭᠤᠷᠢ ᠮᠡᠳᠡᠯᠭᠡ ᠵᠢᠴᠢ ᠭᠡᠷ ᠪᠦᠯᠢ ᠪᠣᠯᠣᠨ ᠰᠤᠷᠭᠠᠭᠤᠯᠢ ᠶᠢᠨ ᠭᠠᠵᠠᠷ ᠬᠥᠳᠡᠯᠦᠯᠲᠡ  ᠶᠢᠨ ᠭᠠᠮᠰᠢᠭ ᠢ ᠬᠡᠷᠬᠢᠨ ᠪᠦᠲᠦᠮᠵᠢᠲᠡᠢ ᠰᠡᠷᠭᠡᠶᠢᠯᠡᠬᠦ ᠲᠤᠬᠠᠢ ᠨᠠᠷᠢᠨ ᠲᠣᠳᠣᠷᠬᠠᠢ ᠥᠭᠦᠯᠡᠵᠦ᠂ ᠪᠠᠭᠰᠢ ᠰᠤᠷᠤᠭᠴᠢᠳ ᠲᠤ ᠪᠠᠲᠤ ᠪᠠᠬᠢ ᠤᠨᠤᠯ  ᠤᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠥᠭᠴᠡᠢ᠃     ᠳᠠᠷᠠᠭ᠎ᠠ ᠨᠢ᠂ ᠠᠮᠤᠷ  ᠢ ᠬᠠᠮᠠᠭᠠᠯᠠᠬᠤ ᠠᠵᠢᠯᠲᠠᠨ ᠤ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠳᠣᠣᠷ᠎ᠠ᠂ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠷᠢᠳᠴᠢᠯᠠᠨ ᠲᠣᠭᠲᠠᠭᠠᠭᠰᠠᠨ ᠪᠠᠴᠢᠮ ᠪᠠᠶᠢᠳᠠᠯ ᠢ ᠠᠷᠭᠠᠴᠠᠬᠤ ᠲᠥᠰᠥᠯ   ᠤᠨ ᠶᠣᠰᠣᠭᠠᠷ᠂ ᠬᠢᠴᠢᠶᠡᠯ  ᠤᠨ ᠭᠡᠷ  ᠠᠴᠠ ᠠᠮᠤᠷ ᠲᠦᠪᠰᠢᠨ  ᠤ ᠴᠤᠭᠯᠠᠷᠠᠯ  ᠤᠨ ᠴᠢᠭ ᠬᠦᠷᠲᠡᠯᠡᠬᠢ ᠤᠬᠤᠷᠢᠨ ᠭᠠᠷᠬᠤ ᠶᠠᠪᠤᠴᠠ ᠶᠢ ᠦᠳᠲᠡᠷ ᠲᠦᠷᠭᠡᠨ ᠪᠥᠭᠡᠳ ᠡᠮᠬᠢ ᠵᠢᠷᠤᠮ ᠲᠠᠢ ᠪᠠᠷ ᠪᠡᠶᠡᠯᠡᠭᠦᠯᠪᠡ᠃ ᠪᠦᠬᠦ᠋ᠢᠯᠡ ᠰᠣᠷᠢᠯᠲᠠ ᠶᠢᠨ ᠶᠠᠪᠤᠴᠠ ᠨᠢ ᠡᠮᠬᠢ ᠳᠢᠭᠯᠢᠮ ᠲᠠᠢ ᠪᠠᠶᠢᠵᠤ᠂ ᠪᠠᠭᠰᠢ ᠰᠤᠷᠤᠭᠴᠢᠳ  ᠤᠨ ᠳᠡᠭᠡᠳᠦ ᠬᠡᠮᠵᠢᠶᠡᠨ  ᠤ ᠠᠮᠤᠷ ᠲᠦᠪᠰᠢᠨ  ᠤ ᠤᠬᠠᠮᠰᠠᠷ ᠪᠣᠯᠣᠨ ᠪᠠᠴᠢᠮ ᠪᠠᠶᠢᠳᠠᠯ  ᠢ ᠠᠷᠭᠠᠴᠠᠬᠤ ᠴᠢᠳᠠᠪᠤᠷᠢ  ᠶᠢ ᠢᠯᠡᠷᠡᠭᠦᠯᠪᠡ᠃      ᠲᠣᠰ ᠤᠳᠠᠭᠠᠨ ᠤ ᠠᠵᠢᠯᠯᠠᠭ᠎ᠠ ᠪᠠᠭᠰᠢ ᠰᠤᠷᠤᠭᠴᠢᠳ  ᠤᠨ ᠭᠠᠵᠠᠷ ᠬᠥᠳᠡᠯᠦᠯᠲᠡ  ᠶᠢᠨ ᠭᠠᠮᠰᠢᠭ  ᠤᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠦᠭᠰᠡᠨ  ᠢᠶᠠᠷ ᠪᠠᠷᠠᠬᠤ ᠦᠭᠡᠢ᠂ ᠨᠠᠩ ᠴᠤ ᠪᠣᠳᠠᠲᠤ ᠳᠠᠶᠢᠨ ᠤ ᠳᠤᠮᠳᠠ ᠲᠡᠳᠡᠨ ᠤ ᠥᠪᠡᠷ  ᠢ  ᠪᠠᠨ ᠬᠠᠮᠠᠭᠠᠯᠠᠬᠤ ᠴᠢᠳᠠᠪᠤᠷᠢ  ᠶᠢ ᠳᠠᠪᠲᠠᠨ ᠪᠣᠯᠪᠠᠰᠤᠷᠠᠭᠤᠯᠵᠤ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号