ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/29
     5 ᠰᠠᠷ᠎ᠠ ᠶᠢᠨ 27 ᠤ ᠡᠳᠦᠷ᠂ ᠬᠤᠲᠠ ᠶᠢᠨ ᠨᠠᠮ  ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ  ᠶᠢᠨ ᠵᠠᠰᠠᠭ  ᠤᠨ ᠣᠷᠳᠣᠨ ᠤ ᠪᠠᠶᠢᠩᠭᠤ  ᠶᠢᠨ ᠬᠤᠷᠠᠯ ᠵᠢᠴᠢ ᠬᠤᠲᠠ  ᠶᠢᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ  ᠶᠢ ᠪᠠᠭᠠᠰᠬᠠᠬᠤ ᠠᠵᠢᠯ  ᠤᠨ ᠤᠳᠤᠷᠢᠳᠬᠤ ᠳᠤᠭᠤᠶᠢᠯᠠᠩ  ᠤᠨ ᠬᠤᠷᠠᠯ  ᠢ ᠡᠷᠭᠢᠯᠡᠨ ᠬᠤᠷᠠᠯᠳᠤᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠬᠢᠨᠠᠨ ᠪᠤᠳᠤᠬᠤ ᠬᠠᠤᠯᠢ︾  ᠶᠢ ᠰᠤᠷᠤᠯᠴᠠᠵᠤ᠂ ᠬᠤᠲᠠ ᠶᠢᠨ ᠨᠠᠮ ᠵᠠᠰᠠᠭ  ᠤᠨ ᠭᠤᠤᠯ ᠤᠳᠤᠷᠢᠳᠤᠯᠭ᠎ᠠ   ᠶᠢᠨ ᠠᠵᠤ ᠠᠬᠤᠶ  ᠶᠢᠨ ᠬᠠᠷᠢᠭᠤᠴᠠᠯᠭ᠎ᠠ  ᠶᠢ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ  ᠢ ᠰᠤᠳᠤᠯᠵᠤ᠂ ︽ᠤᠯᠠᠭᠠᠨᠴᠠᠪ ᠬᠤᠲᠠ ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ  ᠶᠢ ᠣᠷᠭᠢᠯ ᠬᠡᠮᠵᠢᠭᠳᠡᠯ  ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ 2024 ᠣᠨ ᠤ ᠠᠵᠢᠯ  ᠤᠨ ᠭᠤᠤᠯᠳᠠᠯᠭ᠎ᠠ︾ ᠵᠡᠷᠭᠡ ᠪᠢᠴᠢᠭ ᠮᠠᠲ᠋ᠧᠷᠢᠶᠠᠯ  ᠢ ᠬᠢᠨᠠᠨ ᠵᠥᠪᠯᠡᠵᠦ᠂ ᠲᠠᠷᠠᠭᠠᠴᠢ  ᠶᠢᠨ ᠠᠯᠬᠤᠮ  ᠤᠨ ᠠᠵᠢᠯ  ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ  ᠤᠨ  ᠬᠢᠨ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ  ᠪᠠᠷ ᠴᠢᠬᠤᠯᠠᠴᠢᠯᠠᠵᠤ᠂ ᠬᠠᠷᠢᠭᠤᠴᠠᠯᠭ᠎ᠠ  ᠶᠢ ᠴᠢᠩᠭᠠᠳᠬᠠᠨ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠬᠢᠴᠠ  ᠶᠢ ᠲᠦᠷᠭᠡᠳᠬᠡᠨ᠂ ᠨᠢᠭᠡᠳ ᠨᠢᠭᠡ  ᠪᠠᠷ ᠴᠢᠩᠭ᠎ᠠ ᠠᠩᠬᠠᠷᠴᠤ᠂ ᠨᠢᠭᠡ ᠨᠢᠭᠡ  ᠪᠠᠷ ᠲᠠᠩᠰᠠ ᠬᠠᠷᠭᠤᠭᠤᠯᠵᠤ ᠳ᠋ᠤᠭᠠᠷ ᠬᠠᠰᠤᠬᠤ ᠬᠡᠷᠡᠭᠲᠡᠶ᠃ ᠲᠡᠮᠦᠷ  ᠤᠨ ᠬᠠᠶᠢᠯᠤᠰᠢ᠂ ᠬᠢᠮᠢ  ᠶᠢᠨ ᠠᠵᠤ ᠦᠢᠯᠡᠳᠪᠦᠷᠢ᠂ ᠪᠠᠯ ᠴᠢᠯᠠᠭᠤᠨ ᠴᠠᠬᠢᠯᠭᠠᠨ ᠲᠦᠢᠯ᠂ ᠢᠳᠡᠭᠡᠨ ᠡᠳ᠋ᠰᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠬᠤ ᠮᠡᠷᠭᠡᠵᠢᠯ  ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠶᠢ ᠲᠦᠷᠭᠡᠳᠬᠡᠵᠦ᠂ ᠲᠤᠮᠤ ᠳ᠋ᠠᠶᠢᠲ᠋ᠠ᠂ ᠰᠢᠨ᠎ᠡ ᠡᠨᠧᠷᠭᠢ ᠵᠡᠷᠭᠡ ᠢᠷᠡᠭᠡᠳᠦᠢ  ᠶᠢᠨ ᠠᠵᠤ ᠦᠢᠯᠡᠰ ᠢ ᠬᠦᠴᠦᠯᠡᠨ ᠪᠤᠶᠢᠵᠢᠭᠤᠯᠵᠤ᠂ ᠦᠷᠭᠦᠯᠵᠢᠯᠡᠨ ᠬᠡᠯᠬᠢᠶ᠎ᠡ  ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠳᠤ ᠦᠶ᠎ᠡ ᠶᠢᠨ ᠠᠵᠤ ᠦᠢᠯᠡᠰ  ᠤᠨ ᠰᠢᠰᠲ᠋ᠧᠮ  ᠢ ᠪᠠᠶᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ  ᠤᠨ ᠬᠦᠴᠦᠨ  ᠢ ᠲᠦᠷᠭᠡᠨ ᠪᠦᠷᠢᠯᠳᠦᠭᠦᠯᠬᠦ ᠬᠡᠷᠡᠭᠲᠡᠢ᠃ ᠡᠨᠧᠷᠭᠢ ᠶᠢᠨ ᠪᠦᠲᠦᠴᠡ  ᠳᠤ ᠲᠦᠷᠭᠡᠨ ᠲᠣᠬᠢᠷᠠᠭᠤᠯᠤᠯᠲᠠ ᠬᠢᠵᠦ᠂ ᠰᠢᠨ᠎ᠡ ᠬᠡᠯᠪᠡᠷᠢ   ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠵᠤ᠂ ᠪᠣᠬᠢᠷᠲᠤᠯ ᠦᠭᠡᠢ ᠴᠠᠬᠢᠯᠭᠠᠨ ᠢ ᠪᠠᠭᠲᠠᠭᠠᠨ ᠠᠰᠢᠭᠯᠠᠬᠤ   ᠶᠢ ᠠᠬᠢᠭᠤᠯᠵᠤ᠂ ᠰᠠᠯᠬᠢᠨ ᠬᠦᠴᠦᠨ ᠤ ᠴᠠᠬᠢᠯᠭᠠᠨ ᠭᠡᠷᠡᠯ ᠸᠣᠯᠲ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠠᠰᠢᠨ ᠴᠣᠭᠴᠠᠯᠠᠪᠤᠷᠢ  ᠶᠢᠨ ᠬᠡᠪᠴᠢᠶ᠎ᠡ  ᠶᠢᠨ ᠲᠠᠯ᠎ᠠ  ᠪᠠᠷ ᠳᠡᠭᠡᠳᠦ ᠤᠷᠤᠰᠬᠠᠯ ᠣᠯᠬᠤ ᠪᠠᠷ ᠴᠢᠷᠮᠠᠶᠢᠬᠤ  ᠶᠢ ᠦᠨᠡᠨ ᠬᠦ ᠪᠠᠲᠤᠯᠠᠬᠤ ᠬᠡᠷᠡᠭᠲᠡᠢ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ  ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ  ᠤᠨ ᠲᠦᠷᠢᠮ ᠢ ᠰᠦᠪᠡᠭᠴᠢᠯᠡᠨ ᠪᠠᠶᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶᠢᠲᠠᠢ ᠬᠥᠭᠵᠢᠯᠲᠡ  ᠶᠢᠨ ᠵᠠᠮ  ᠢᠶᠠᠷ ᠯᠠᠪᠳᠠᠭᠤᠨ ᠪᠠᠲᠤᠲᠠᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃                                             ᠣᠷᠴᠢᠭᠤᠯᠤᠭᠴᠢ᠄ ᠭᠤᠸ᠎ᠠ                                                 ᠬᠢᠨᠠᠭᠴᠢ᠄ ᠠᠷᠢᠭᠤᠨ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号