ᠮᠠᠨ ᠤ ᠠᠶᠢᠮᠠᠭ 112 ᠭᠠᠴᠠᠭ᠎ᠠ ᠲᠣᠰᠬᠤᠨ ᠳᠤ ᠡᠮ ᠡᠮᠨᠡᠯᠭᠡ ᠶᠢᠨ ᠳᠠᠭᠠᠳᠬᠠᠯ ‍ᠤᠨ‌ᠦᠢᠯᠡᠴᠢᠯᠡᠭᠡᠨ ᠤ ᠴᠡᠭ ᠪᠠᠶᠢᠭᠤᠯᠪᠠ
ᠨᠡᠶᠢᠲᠡᠯᠡᠭᠰᠡᠨ ᠴᠠᠭ᠄
2024/5/29
      ᠠᠶᠢᠮᠠᠭ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠭᠠᠴᠠᠭ᠎ᠠ ᠲᠣᠰᠬᠤᠨ ᠳᠤ ᠡᠮ ᠡᠮᠨᠡᠯᠭᠡ  ᠶᠢᠨ ᠳᠠᠭᠠᠳᠬᠠᠯ  ᠤᠨ ᠦᠢᠯᠡᠴᠢᠯᠡᠭᠡᠨ  ᠤ ᠴᠡᠭ ᠪᠠᠶᠢᠭᠤᠯᠬᠤ  ᠶᠢ ᠣᠨ  ᠤ ᠭᠤᠣᠯᠳᠠᠯᠭ᠎ᠠ  ᠲᠠᠢ ᠠᠵᠢᠯ ᠪᠣᠯᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ  ᠤᠨ ᠭᠠᠷᠲᠠᠨ ᠭᠦᠢᠴᠡᠳᠬᠡᠬᠦ ᠡᠵᠢᠯ ᠢ ᠡᠮ ᠡᠮᠨᠡᠯᠭᠡ ᠶᠢᠨ ᠳᠠᠭᠠᠳᠬᠠᠯ ᠤᠨ ᠴᠡᠭ ᠲᠣᠭᠲᠠᠭᠠᠨ ᠬᠠᠮᠢᠶᠠᠷᠴᠤ ᠪᠠᠶᠢᠭ᠎ᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ  ᠤᠨ ᠳᠠᠰᠤᠭ   ᠲᠤ ᠪᠠᠭᠤᠯᠭᠠᠬᠤ  ᠶᠢ ᠠᠬᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠤᠨ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ︾ ᠤᠨ ᠦᠢᠯᠡᠳᠦᠯ ᠢ ᠤᠯᠠᠮ ᠰᠠᠶᠢᠲᠤᠷ ᠪᠠᠳᠠᠷᠠᠭᠤᠯᠵᠤ᠂ ᠳᠠᠭᠠᠳᠬᠠᠯ ᠳᠤ ᠣᠷᠣᠯᠴᠠᠭᠰᠠᠳ ᠲᠤ ᠨᠡᠩ ᠨᠠᠷᠢᠯᠢᠭ ᠦᠢᠯᠡᠴᠢᠯᠡᠭᠡ ᠬᠠᠨᠭ᠍ᠭᠠᠪᠠ᠃ 3 ᠰᠠᠷ᠎ᠠ ᠶᠢᠨ 31 ᠤ ᠡᠳᠦᠷ ᠪᠣᠯᠲᠠᠯ᠎ᠠ᠂ ᠮᠠᠨ ᠤ ᠠᠶᠢᠮᠠᠭ ᠡᠮ ᠡᠮᠨᠡᠯᠭᠡ  ᠶᠢᠨ ᠳᠠᠭᠠᠳᠬᠠᠯ ᠤᠨ ᠴᠡᠭ ᠲᠣᠭᠲᠠᠭᠠᠨ ᠬᠠᠮᠢᠶᠠᠷᠴᠤ ᠪᠠᠶᠢᠭ᠎ᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠳᠠᠰᠤᠭ ᠲᠤ 112 ᠭᠠᠴᠠᠭ᠎ᠠ ᠲᠣᠰᠬᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ  ᠤ ᠴᠡᠭ ᠪᠠᠶᠢᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠪᠡ᠃     ︽ᠭᠠᠴᠠᠭ᠎ᠠ ᠲᠣᠰᠬᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠨᠢ ᠭᠤᠣᠯᠳᠠᠭᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ᠂ ᠤᠳᠠᠭᠠᠨ ᠴᠢᠨᠠᠷᠲᠠᠢ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ ᠢ ᠰᠢᠭᠤᠳ ᠲᠠᠰᠤᠯᠤᠨ ᠪᠣᠳᠣᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ᠂ ᠡᠮ ᠡᠮᠨᠡᠯᠭᠡ ᠶᠢᠨ ᠳᠠᠭᠠᠳᠬᠠᠯ ᠤᠨ ᠡᠯᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ᠂ ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠦᠭᠰᠡᠳ ᠢ ᠳᠠᠩᠰᠠᠯᠠᠬᠤ᠂ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠵᠢᠴᠢ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠵᠡᠷᠭᠡ ᠥᠨᠳᠥᠷ ᠳᠠᠪᠲᠠᠮᠵᠢᠲᠤ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠡᠭᠦᠷᠭᠡᠯᠡᠵᠦ᠂ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠢᠶᠠᠨ ᠦᠵᠡᠭᠦᠯᠬᠦ ᠶᠢᠨ ᠬᠠᠮᠲᠤ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠭᠠᠷᠳᠠᠮ ᠭᠦᠢᠴᠡᠳᠭᠡᠭᠦ ᠳᠤ ᠲᠦᠭᠦᠮ ᠦᠵᠡᠭᠦᠯᠪᠡ︾ ᠭᠡᠵᠦ ᠲᠤᠯᠤᠨ ᠨᠤᠤᠷ ᠪᠠᠯᠭᠠᠰᠤᠨ ᠤ ᠪᠸᠢ ᠼᠦᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮᠴᠢ ᠱᠠᠩ ᠶᠠ ᠵᠢᠶᠦ᠋ᠨ ᠲᠠᠨᠢᠯᠴᠠᠭᠤᠯᠪᠠ᠃     ᠭᠠᠴᠠᠭ᠎ᠠ ᠲᠣᠰᠬᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠨᠢ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠤᠯᠠᠮ ᠦᠷᠭᠡᠳᠭᠡᠵᠦ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠭᠠᠷᠳᠠᠮ ᠭᠦᠢᠴᠡᠳᠭᠡᠭᠦ ᠪᠠ ᠲᠥᠷᠥ ᠶᠢᠨ ᠪᠣᠳᠣᠯᠭ᠎ᠠ ᠶᠢᠨ ᠯᠠᠪᠯᠠᠯᠳᠠ ᠭᠢᠭᠦ ᠶᠢ ᠪᠡᠶᠡᠯᠡᠭᠦᠯᠪᠡ᠃ ᠣᠶᠢᠷ᠎ᠠ ᠬᠠᠪᠢ  ᠳᠤᠨᠢ ᠭᠦᠢᠴᠡᠳᠬᠡᠬᠦ᠂ ᠬᠠᠪᠰᠤᠷᠤᠨ ᠣᠷᠣᠯᠠᠨ ᠭᠦᠢᠴᠡᠳᠬᠡᠬᠦ᠂ ᠭᠡᠷ ᠲᠤ ᠨᠢ ᠬᠦᠷᠴᠦ ᠭᠦᠢᠴᠡᠳᠬᠡᠬᠦ᠂ ᠤᠳᠠᠰᠦ ᠪᠠᠷ ᠭᠦᠢᠴᠡᠳᠬᠡᠬᠦ ᠵᠠᠭᠪᠤᠷ ᠢᠶᠠᠷ ᠳᠠᠮᠵᠢᠭᠤᠯᠤᠨ᠂ ᠨᠠᠰᠤᠲᠠᠶᠢᠴᠤᠳ᠂ ᠵᠡᠮᠳᠡᠭᠴᠦᠳ᠂ ᠲᠠᠷᠠᠬᠠᠢ ᠪᠤᠲᠠᠷᠬᠠᠢ ᠰᠠᠭᠤᠷᠢᠰᠢᠵᠤ ᠪᠠᠶᠢᠭ᠎ᠠ ᠮᠠᠯᠴᠢᠨ ᠲᠠᠷᠢᠶᠠᠴᠢᠨ ᠤ ᠪᠤᠳᠠᠳᠠᠢ ᠭᠦᠴᠢᠷᠳᠡᠯ ᠢ ᠨᠢ ᠰᠶᠢᠳᠪᠦᠷᠢᠯᠡᠵᠦ ᠦᠭᠪᠡ᠃     ᠭᠠᠴᠠᠭ᠎ᠠ ᠲᠣᠰᠬᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠨᠢ ᠣᠯᠠᠨ ᠲᠦᠮᠡᠨ ᠤ ᠳᠤᠮᠳᠠ ᠬᠠᠮᠤᠭ ᠤᠨ ᠭᠦᠨᠵᠡᠭᠡᠶᠢᠷᠡᠭᠰᠡᠨ ᠪᠠᠶᠢᠭᠤᠯᠤᠮᠵᠢ ᠪᠤᠯᠤᠬᠰᠠᠨ ᠤ ᠬᠤᠪᠢ ᠳᠤ᠂ ᠡᠳᠦᠷ ᠲᠤᠳᠤᠮ ᠤᠨ ᠡᠪᠡᠳᠴᠢᠨ ᠦᠵᠡᠭᠦ ᠠᠵᠢᠯ ᠢᠶᠠᠨ ᠰᠠᠶᠢᠳᠦᠷ ᠬᠢᠭᠦ ᠶᠢᠨ ᠬᠠᠮᠳᠦ᠂ ᠡᠮ ᠡᠮᠨᠡᠯᠭᠡ ᠶᠢᠨ ᠳᠠᠭᠠᠳᠬᠠᠯ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠰᠠᠶᠢᠲᠤᠷ ᠡᠷᠭᠢᠯᠡᠵᠦ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠲᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠭᠠᠷᠲᠠᠨ ᠭᠦᠢᠴᠡᠳᠬᠡᠬᠦ ᠦᠢᠯᠡᠴᠢᠯᠡᠭᠡ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠭᠡᠷᠡᠴᠢ ᠪᠠᠷᠢᠮᠲᠠ ᠶᠢ ᠳᠡᠯᠭᠡᠷᠡᠭᠦᠯᠬᠦ ᠵᠡᠷᠭᠡ ᠤᠬᠠᠭᠤᠯᠭ᠎ᠠ ᠶᠢᠨ ᠦᠢᠯᠡᠴᠢᠯᠡᠭᠡ ᠬᠠᠩᠭᠠᠵᠤ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ︾ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠲᠦᠢᠯᠪᠤᠷᠢᠳᠠᠢ ᠦᠷᠨᠢᠭᠦᠯᠭᠦ ᠶᠢ ᠦᠨᠡᠨ ᠭᠦ ᠪᠡᠶᠡᠯᠡᠭᠦᠯᠪᠡ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号