2021 ᠣᠨ ᠤ ᠤᠯᠤᠰ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠡᠷᠡᠮᠵᠢᠯᠡᠭᠦᠯᠬᠦ ᠹᠢᠯᠢᠮ ᠳᠤ ᠨᠡᠶᠢᠲᠡᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠭᠰᠠᠨ ᠪᠠᠶᠢᠳᠠᠯ ᠢ ᠵᠠᠷᠯᠠᠨ ᠨᠡᠶᠢᠲᠡᠯᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/5/31
      ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ             ︽︿2021 ᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠡᠷᠡᠮᠵᠢᠯᠡᠭᠦᠯᠬᠦ ᠹᠢᠯᠢᠮ ᠳᠤ ᠨᠡᠶᠢᠲᠡᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠰᠢᠯᠭᠠᠨ ᠬᠤᠷᠢᠶᠠᠵᠤ ᠳ᠋ᠤᠭᠠᠷ ᠢ ᠬᠠᠰᠤᠬᠤ ᠠᠵᠢᠯ ᠤᠨ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠭᠠᠵᠠᠷ ᠣᠷᠣᠨ ﹇2022﹈ 1041 ᠳ᠋ᠦ᠋ᠭᠡᠷ ᠲᠣᠭᠠᠲᠤ︶ ᠪᠠ ︽2021 ᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠰᠡᠷᠡᠮᠵᠢᠯᠡᠭᠦᠯᠬᠦ ᠹᠢᠯᠢᠮ ᠳᠤ  ᠨᠡᠶᠢᠲᠡᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠰᠢᠯᠭᠠᠨ ᠬᠤᠷᠢᠶᠠᠵᠤ ᠳ᠋ᠤᠭᠠᠷ ᠢ ᠬᠠᠰᠤᠬᠤ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠥᠪᠥᠷ ᠬᠥᠭᠵᠢᠭᠦᠯᠦᠯᠲᠡ ᠪᠠ ᠥᠭᠡᠷᠡᠴᠢᠯᠡᠯᠲᠡ ᠭᠠᠵᠠᠷ ᠣᠷᠣᠨ ᠥᠰᠥᠭ ﹇2022﹈ 1286 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠤᠭᠠᠷ᠂ ᠬᠢᠨᠠᠨ ᠪᠠᠶᠢᠴᠠᠭᠠᠯᠲᠠ ᠪᠠ ᠬᠠᠷᠭᠤᠭᠤᠯᠤᠨ ᠪᠠᠶᠢᠴᠠᠭᠠᠯᠲᠠ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠲᠦᠷᠦᠭᠦᠯᠡᠨ ᠬᠢᠨᠠᠨ ᠬᠠᠮᠢᠶᠠᠷᠴᠤ ᠪᠠᠶᠢᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠱᠧᠨ ᠬᠤᠸᠠ ᠪᠦᠯᠦᠭᠯᠡᠯ ᠤᠨ ᠶᠢᠨ ᠹᠧᠩ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠼᠦᠨ ᠼᠣᠤ ᠲᠠ ᠨᠡᠭᠦᠷᠡᠰᠦᠨ ᠠᠭᠤᠷᠬᠠᠢ ᠨᠢ ᠠᠭᠤᠷᠬᠠᠢ ᠶᠢᠨ ᠭᠧᠣᠯᠣᠭᠢ ᠶᠢᠨ ᠣᠷᠴᠢᠨ ᠲᠣᠭᠤᠷᠢᠨ ᠢ ᠬᠠᠮᠠᠭᠠᠯᠠᠨ ᠵᠠᠰᠠᠵᠤ ᠰᠡᠷᠭᠦᠭᠡᠬᠦ ᠲᠥᠰᠥᠯ ᠢ ᠲᠣᠭᠲᠠᠭᠠᠯ ᠶᠣᠰᠣᠭᠠᠷ ᠨᠠᠶᠢᠷᠠᠭᠤᠯᠤᠨ ᠵᠣᠬᠢᠶᠠᠭᠰᠠᠨ ᠦᠭᠡᠢ᠂ 2010 ᠣᠨ ᠤ ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠬᠤ ᠲᠥᠰᠥᠯ ᠤᠨ ᠮᠡᠳᠡᠭᠦᠯᠦᠯᠲᠡ ᠶᠢᠨ ᠪᠢᠴᠢᠭ ᠲᠤ ᠰᠡᠷᠭᠦᠭᠡᠨ ᠬᠠᠭᠠᠯᠪᠤᠷᠢᠯᠠᠬᠤ ᠲᠠᠯᠠᠪᠠᠶ ᠨᠢ 18.35 ᠺᠦᠸᠠᠳ᠋ ᠺᠢᠯᠣᠮᠧᠲᠷ ᠂ ᠶᠡᠷᠦᠩᠬᠡᠢ ᠪᠡᠯᠡ ᠣᠷᠤᠭᠤᠯᠤᠯᠲᠠ ᠨᠢ 8658.63 ᠲᠦᠮᠡᠨ ᠲᠥᠭᠦᠷᠢᠭ ᠪᠠᠶᠢᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ ᠭᠡᠪᠡᠴᠦ ᠪᠣᠳᠠᠲᠠᠢ ᠰᠢᠯᠭᠠᠨ ᠠᠪᠬᠤ ᠦᠶ᠎ᠡ ᠳᠤ ᠰᠡᠷᠭᠦᠭᠡᠨ ᠬᠠᠭᠠᠯᠪᠤᠷᠢᠯᠠᠭᠰᠠᠨ ᠲᠠᠯᠠᠪᠠᠶ ᠨᠢ ᠵᠥᠪᠬᠡᠨ 5.967  ᠺᠦᠸᠠᠳ᠋ ᠺᠢᠯᠣᠮᠧᠲᠷ᠂ ᠵᠠᠰᠠᠯᠲᠠ ᠳᠤ ᠬᠡᠷᠡᠭᠯᠡᠭᠰᠡᠨ ᠪᠡᠯᠡ ᠣᠷᠤᠭᠤᠯᠤᠯᠲᠠ ᠨᠢ ᠵᠥᠪᠬᠡᠨ 942 ᠲᠦᠮᠡᠨ ᠲᠥᠭᠦᠷᠢᠭ ᠪᠠᠶᠢᠵᠤ᠂ ᠰᠡᠷᠭᠦᠭᠡᠨ ᠬᠠᠭᠠᠯᠪᠤᠷᠢᠯᠠᠬᠤ ᠠᠵᠢᠯ ᠬᠦᠨᠳᠦ ᠨᠣᠴᠢᠲᠠᠢ ᠪᠠᠭᠠᠰᠤᠭᠰᠠᠨ︾ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠨᠢ ᠳ᠋ᠤᠭᠠᠷ ᠢ ᠬᠠᠰᠤᠬᠤ ᠨᠥᠬᠦᠴᠡᠯ ᠳᠤ ᠨᠡᠶᠢᠴᠡᠵᠦ ᠪᠠᠶᠢᠨ᠎ᠠ᠂ ᠡᠳᠦᠭᠡ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠵᠠᠷᠯᠠᠨ ᠨᠡᠶᠢᠲᠡᠯᠡᠶ᠎ᠡ᠃      ᠵᠠᠷᠯᠠᠨ ᠨᠡᠶᠢᠲᠡᠯᠡᠬᠦ ᠴᠠᠭ᠄ 2023 ᠣᠨ ᠤ 5 ᠳ᠋ᠤᠭᠠᠷ ᠰᠠᠷ᠎ᠠ ᠶᠢᠨ 5 ᠤ ᠡᠳᠦᠷ ᠠᠴᠠ 2023 ᠣᠨ ᠤ 5 ᠳ᠋ᠤᠭᠠᠷ ᠰᠠᠷ᠎ᠠ ᠶᠢᠨ 17 ᠤ ᠡᠳᠦᠷ      ᠵᠠᠷᠯᠠᠨ ᠨᠡᠶᠢᠲᠡᠯᠡᠬᠦ ᠶᠢ ᠭᠥᠯᠢᠶᠡᠨ ᠠᠪᠴᠤ ᠰᠢᠢᠳᠪᠦᠷᠢᠯᠡᠬᠦ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ      ᠬᠠᠷᠢᠯᠴᠠᠬᠤ ᠤᠲᠠᠰᠤ᠄ 0471 — 4215821      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ ᠵᠠᠮ ᠤᠨ 11 ᠳ᠋ᠦ᠋ᠭᠡᠷ ᠨᠣᠮᠧᠷ      ᠰᠢᠤᠳᠠᠨ ᠳ᠋ᠤᠭᠠᠷ᠄ 010010      ᠳᠠᠭᠠᠯᠳᠤᠭᠤᠯᠤᠯ᠄ 2021 ᠣᠨ ᠤ ᠤᠯᠤᠰ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠡᠷᠡᠮᠵᠢᠯᠡᠭᠦᠯᠬᠦ ᠹᠢᠯᠢᠮ ᠳᠤ ᠨᠡᠶᠢᠲᠡᠯᠡᠭᠰᠡᠨ ᠠᠰᠠᠭᠤᠳᠠᠯ ᠤᠨ ᠳ᠋ᠤᠭᠠᠷ ᠢ ᠬᠠᠰᠤᠬᠤ ᠠᠯᠪᠠᠨ ᠵᠠᠷᠯᠠᠯ  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号