| ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 5 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠲᠤᠰᠬᠠᠢ ᠨᠢᠰᠬᠡᠯ ᠢᠶᠠᠷ ᠫᠠᠷᠢᠰ ᠲᠤ ᠬᠦᠷᠴᠦ᠂ ᠪᠦᠭᠦᠳᠠ ᠨᠠᠶᠢᠷᠠᠮᠳᠠᠬᠤ ᠹᠷᠠᠨᠼᠢ ᠤᠯᠤᠰ ᠤᠨ | ᠶᠡᠷᠦᠩᠬᠡᠶᠢᠯᠡᠭᠴᠢ ᠮᠠᠶᠢᠺᠷᠤᠨ ᠤ ᠤᠷᠢᠯᠭ᠎ᠠ ᠪᠠᠷ ᠹᠷᠠᠨᠼᠢ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ᠃ | ᠰᠢ ᠶᠢᠨ ᠫᠢᠩ ᠲᠤᠰᠬᠠᠢ ᠨᠢᠰᠬᠡᠯ ᠢᠶᠠᠷ ᠫᠠᠷᠢᠰ ᠤᠨ ᠣᠯᠢ ᠨᠢᠰᠬᠡᠯ ᠤᠨ ᠪᠠᠭᠤᠳᠠᠯ ᠳᠤ ᠬᠦᠷᠬᠦ ᠦᠶ᠎ᠡ ᠳᠤ᠂ | ᠹᠷᠠᠨᠼᠢ ᠶᠢᠨ ᠶᠡᠷᠦᠩᠬᠡᠢ ᠰᠠᠶᠢᠳ ᠠᠲ᠋ᠠᠯ ᠵᠡᠷᠭᠡ ᠹᠷᠠᠨᠼᠢ ᠶᠢᠨ ᠵᠠᠰᠠᠭ ᠤᠨ ᠣᠷᠳᠣᠨ ᠤ ᠳᠡᠭᠡᠳᠦ ᠲᠡᠰ ᠤᠨ ᠲᠥᠯᠥᠭᠡᠯᠡᠭᠴᠢ | ᠬᠠᠯᠠᠭᠤᠨ ᠢᠶᠠᠷ ᠤᠭᠲᠤᠵᠠᠢ᠃ | ᠰᠢ ᠶᠢᠨ ᠫᠢᠩ ᠪᠢᠴᠢᠭ ᠤᠨ ᠭᠡᠯᠪᠡᠷᠢ ᠪᠠᠷ ᠶᠠᠷᠢᠶ᠎ᠠ ᠲᠠᠯᠪᠢᠪᠠ᠃ ᠰᠢ ᠶᠢᠨ ᠫᠢᠩ᠂ ᠪᠢ ᠹᠷᠠᠨᠼᠢ ᠳᠤ ᠭᠤᠷᠪᠠᠳᠠᠭᠢ | ᠤᠳᠠᠭ᠎ᠠ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠹᠷᠠᠨᠼᠢ ᠶᠢᠨ ᠠᠷᠠᠳ ᠲᠦᠮᠡᠨ ᠲᠠᠢ ᠬᠠᠮᠲᠤ ᠪᠠᠷ | ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠶᠢ ᠪᠡᠯᠭᠡᠯᠡᠬᠦ ᠪᠣᠯᠤᠭᠰᠠᠨ ᠳᠠᠭᠠᠨ ᠮᠠᠰᠢ | ᠪᠠᠶᠠᠷ ᠲᠠᠢ ᠪᠠᠶᠢᠨ᠎ᠠ᠃ ᠳᠣᠷᠣᠨᠠᠳᠠᠬᠢᠨ ᠥᠷᠥᠨᠡᠳᠠᠬᠢᠨ ᠤ ᠪᠣᠯᠪᠠᠰᠤᠨ ᠤ ᠴᠢᠬᠤᠯᠠ ᠲᠥᠯᠥᠭᠡᠯᠡᠭᠴᠢ ᠪᠣᠯᠤᠭᠰᠠᠨ ᠤ ᠬᠤᠪᠢ | ᠳᠤ᠂ ᠳᠤᠮᠳᠠᠳᠤ ᠤᠯᠤᠰ ᠪᠣᠯᠣᠨ ᠹᠷᠠᠨᠼᠢ ᠤᠷᠳᠤ ᠬᠤᠭᠤᠴᠠᠭᠠᠨ ᠤ ᠲᠤᠷᠰᠢ ᠬᠠᠷᠢᠯᠴᠠᠨ ᠪᠠᠭ᠋ᠠᠷᠬᠠᠵᠤ᠂ ᠬᠠᠷᠢᠯᠴᠠᠨ | ᠬᠠᠯᠠᠮᠵᠢᠯᠠᠭᠰᠠᠭᠠᠷ ᠢᠷᠡᠵᠠᠢ᠃ 60 ᠵᠢᠯ ᠤᠨ ᠡᠮᠦᠨ᠎ᠡ᠂ ᠳᠤᠮᠳᠠᠳᠤ ᠹᠷᠠᠨᠼᠢ ᠬᠤᠶᠠᠷ ᠤᠯᠤᠰ ᠬᠦᠢᠲᠡᠨ ᠲᠠᠶᠢᠨ ᠤ | ᠲᠣᠳᠬᠠᠷ ᠢ ᠰᠢᠪᠲᠤᠯᠵᠤ᠂ ᠡᠯᠴᠢᠨ ᠰᠠᠶᠢᠳ ᠤᠨ ᠲᠡᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠪᠠ᠃ 60 ᠵᠢᠯ ᠤᠨ | ᠲᠤᠷᠰᠢ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠢᠮᠠᠭᠲᠠ ᠳᠤᠮᠳᠠᠳᠤ ᠤᠯᠤᠰ ᠪᠣᠯᠣᠨ ᠥᠷᠥᠨᠡᠳᠠᠬᠢᠨ ᠤ ᠤᠯᠤᠰ ᠤᠳ | ᠤᠨ ᠬᠠᠷᠢᠯᠴᠠᠭᠠᠨ ᠤ ᠡᠮᠦᠨ᠎ᠡ ᠡᠩᠨᠡᠭᠡᠨ ᠳᠤ ᠬᠤᠰᠢᠭᠤᠷᠠᠪᠠ᠃ ᠳᠤᠮᠳᠠᠳᠤ ᠹᠷᠠᠨᠼᠢ ᠶᠢᠨ ᠬᠠᠷᠢᠯᠴᠠᠭ᠎ᠠ ᠶᠢᠨ ᠬᠥᠭᠵᠢᠯᠲᠡ | ᠨᠢ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠵᠢᠷᠭᠠᠯ ᠠᠪᠴᠢᠷᠠᠵᠤ ᠥᠭᠭᠦᠭᠰᠡᠨ ᠢᠶᠠᠷ ᠪᠠᠷᠠᠬᠤ ᠦᠭᠡᠢ᠂ ᠪᠠᠰᠠ | ᠣᠷᠤᠭ᠎ᠠ ᠪᠤᠰᠬᠠᠭ᠎ᠠ ᠳᠡᠯᠡᠬᠡᠢ ᠶᠢᠷᠲᠢᠨᠴᠦ ᠳᠤ ᠲᠣᠭᠲᠠᠭᠤᠨ ᠴᠢᠨᠠᠷ ᠪᠠ ᠢᠳᠡᠪᠬᠢ ᠬᠦᠴᠦᠨ ᠨᠡᠮᠡᠷᠢᠯᠡᠪᠡ᠃ ᠠᠶᠢᠯᠴᠢᠯᠠᠯᠲᠠ | ᠶᠢᠨ ᠬᠤᠭᠤᠴᠠᠭᠠᠨ ᠳᠤ᠂ ᠪᠢ ᠶᠡᠷᠦᠩᠬᠡᠶᠢᠯᠡᠭᠴᠢ ᠮᠠᠶᠢᠺᠷᠤᠨ ᠲᠠᠢ ᠰᠢᠨ᠎ᠡ ᠪᠠᠶᠢᠳᠠᠯ ᠳᠣᠣᠷᠠᠬᠢ ᠳᠤᠮᠳᠠᠳᠤ ᠹᠷᠠᠨᠼᠢ᠂ | ᠳᠤᠮᠳᠠᠳᠤ ᠡᠸᠦ᠋ᠷᠦᠫᠡ ᠶᠢᠨ ᠬᠠᠷᠢᠯᠴᠠᠭᠠᠨ ᠤ ᠬᠥᠭᠵᠢᠯᠲᠡ ᠵᠢᠴᠢ ᠣᠳᠣᠬᠠᠨ ᠤ ᠳᠡᠯᠡᠬᠡᠢ ᠶᠢᠨ ᠪᠠ ᠭᠠᠵᠠᠷ ᠣᠷᠣᠨ ᠤ | ᠴᠢᠬᠤᠯᠠ ᠶᠡᠭᠡ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠨ᠎ᠠ᠃ ᠪᠢ ᠡᠨᠡ ᠤᠳᠠᠭ᠎ᠠ ᠶᠢᠨ | ᠠᠶᠢᠯᠴᠢᠯᠠᠯᠲᠠ ᠪᠠᠷ ᠳᠠᠮᠵᠢᠨ᠂ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢᠶᠠᠨ ᠪᠠᠬᠢᠵᠢᠭᠦᠯᠵᠦ᠂ ᠤᠯᠤᠰ ᠲᠦᠷᠦ | ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠪᠠᠶᠢᠯᠳᠤᠬᠤ ᠪᠣᠳᠣᠯᠭ᠎ᠠ ᠶᠢᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ | ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠡᠦᠬᠡ ᠶᠢᠨ ᠭᠠᠯ ᠪᠠᠮᠪᠠᠷ ᠢᠶᠠᠷ | ᠤᠷᠤᠭᠰᠢᠯᠠᠯᠲᠠ ᠶᠢᠨ ᠵᠠᠮ ᠢᠶᠠᠨ ᠭᠡᠷᠡᠯᠳᠦᠭᠦᠯᠵᠦ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠶᠢᠨ ᠨᠡᠩ ᠰᠠᠶᠢᠨ ᠰᠠᠶᠢᠬᠠᠨ | ᠢᠷᠡᠭᠡᠳᠦᠢ ᠶᠢ ᠴᠣᠭᠴᠠᠯᠠᠵᠤ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯᠲᠡ ᠳᠤ ᠰᠢᠨ᠎ᠡ ᠬᠤᠪᠢ ᠨᠡᠮᠡᠷᠢ | ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠲᠡᠷᠢᠭᠦᠯᠡᠭᠴᠢ ᠰᠢ ᠶᠢᠨ ᠫᠢᠩ ᠤᠨ ᠬᠠᠳᠤᠨ ᠫᠧᠩ ᠯᠢ ᠶᠤᠸᠠᠨ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ | ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠭᠠᠳᠠᠭᠠᠳᠤ ᠶᠠᠪᠤᠳᠠᠯ ᠤᠨ ᠶᠠᠮᠤᠨ ᠤ | ᠰᠠᠶᠢᠳ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠬᠦᠷᠴᠡᠢ᠃ | ᠹᠷᠠᠨᠼᠢ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠯᠦ ᠱᠠ ᠶᠧ ᠪᠠᠰᠠ ᠨᠢᠰᠬᠡᠯ ᠤᠨ ᠪᠠᠭᠤᠳᠠᠯ ᠳᠤ | ᠬᠦᠷᠴᠦ ᠤᠭᠲᠤᠪᠠ᠃ | ᠰᠢ ᠶᠢᠨ ᠫᠢᠩ ᠮᠠᠰᠢᠨ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠪᠠᠭᠤᠳᠠᠯᠯᠠᠭᠰᠠᠨ ᠵᠣᠴᠢᠳ ᠤᠨ | ᠪᠠᠭᠤᠳᠠᠯ ᠵᠦᠭ ᠶᠠᠪᠤᠬᠤ ᠵᠠᠮ ᠵᠠᠭᠤᠷ᠎ᠠ ᠳᠤᠮᠳᠠᠳᠤ ᠶᠢᠨ ᠬᠠᠷᠢᠶᠠᠲᠤ ᠪᠣᠯᠣᠨ ᠳᠤᠮᠳᠠᠳᠤ ᠤᠯᠤᠰ ᠤᠨ ᠭᠠᠳᠠᠭᠠᠳᠤ ᠳᠤ | ᠰᠤᠷᠤᠯᠴᠠᠵᠤ ᠪᠠᠶᠢᠭ᠎ᠠ ᠰᠤᠷᠤᠬᠴᠢᠳ ᠰᠠᠨᠠᠭᠠᠴᠢᠯᠠᠭ᠎ᠠ ᠠᠴᠠ ᠪᠠᠨ ᠵᠠᠮ ᠤᠨ ᠬᠤᠶᠠᠷ ᠬᠠᠵᠠᠭᠤ ᠪᠠᠷ ᠵᠣᠭᠰᠣᠨ ᠬᠦᠯᠢᠶᠡᠵᠦ᠂ | ︽ ᠳᠤᠮᠳᠠᠳᠤ ᠹᠷᠠᠨᠼᠢ ᠶᠢᠨ ᠨᠥᠬᠦᠷᠯᠡᠯ ᠮᠠᠨᠳᠤᠲᠤᠭᠠᠢ︕︾᠂ ︽ᠲᠡᠷᠢᠭᠦᠯᠡᠭᠴᠢ ᠰᠢ ᠶᠢᠨ ᠫᠢᠩ ᠤᠨ ᠹᠷᠠᠨᠼᠢ ᠳᠤ | ᠠᠶᠢᠯᠴᠢᠯᠠᠵᠤ ᠲᠡᠭᠦᠰ ᠠᠮᠵᠢᠯᠲᠠ ᠣᠯᠬᠤ ᠶᠢ ᠬᠦᠰᠡᠨ ᠵᠥᠩᠨᠡᠶ᠎ᠡ︕︾ ᠵᠡᠷᠭᠡ ᠤᠯᠠᠭᠠᠨ ᠬᠥᠨᠳᠡᠯᠡᠨ ᠪᠢᠴᠢᠭᠡᠰᠦ ᠶᠢ | ᠥᠨᠳᠥᠷ ᠡᠷᠭᠦᠵᠦ᠂ ᠳᠤᠮᠳᠠᠳᠤ ᠹᠷᠠᠨᠼᠢ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ᠂ ᠬᠠᠷᠠᠩᠭ᠎ᠠ ᠬᠡᠩᠭᠡᠷᠭᠡ | ᠳᠡᠯᠡᠳᠴᠦ᠂ ᠯᠣᠣ ᠠᠷᠰᠯᠠᠨ ᠲᠣᠭᠯᠠᠭᠤᠯᠵᠤ᠂ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ | ᠢᠶᠠᠷ ᠤᠭᠲᠤᠪᠠ᠃ | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 5 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠫᠠᠷᠢᠰ ᠲᠤ ᠬᠦᠷᠴᠦ᠂ ᠪᠦᠭᠦᠳᠠ ᠨᠠᠶᠢᠷᠠᠮᠳᠠᠬᠤ ᠹᠷᠠᠨᠼᠢ ᠤᠯᠤᠰ | ᠤᠨ ᠶᠡᠷᠦᠩᠬᠡᠶᠢᠯᠡᠭᠴᠢ ᠮᠠᠶᠢᠺᠷᠤᠨ ᠤ ᠤᠷᠢᠯᠭ᠎ᠠ ᠪᠠᠷ ᠹᠷᠠᠨᠼᠢ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ᠃ | ᠰᠢ ᠶᠢᠨ ᠫᠢᠩ ᠲᠤᠰᠬᠠᠢ ᠨᠢᠰᠬᠡᠯ ᠢᠶᠠᠷ ᠫᠠᠷᠢᠰ ᠤᠨ ᠣᠯᠢ ᠨᠢᠰᠬᠡᠯ ᠤᠨ ᠪᠠᠭᠤᠳᠠᠯ ᠳᠤ ᠬᠦᠷᠬᠦ ᠦᠶ᠎ᠡ ᠳᠤ᠂ ᠹᠷᠠᠨᠼᠢ | ᠶᠢᠨ ᠶᠡᠷᠦᠩᠬᠡᠢ ᠰᠠᠶᠢᠳ ᠠᠲ᠋ᠠᠯ ᠵᠡᠷᠭᠡ ᠹᠷᠠᠨᠼᠢ ᠶᠢᠨ ᠵᠠᠰᠠᠭ ᠤᠨ ᠣᠷᠳᠣᠨ ᠤ ᠳᠡᠭᠡᠳᠦ ᠲᠡᠰ ᠤᠨ ᠲᠥᠯᠥᠭᠡᠯᠡᠭᠴᠢ | ᠬᠠᠯᠠᠭᠤᠨ ᠢᠶᠠᠷ ᠤᠭᠲᠤᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | | | |