ᠮᠠᠰᠢᠨ ᠲᠡᠷᠭᠡᠨ ᠳᠤ ᠰᠠᠭᠤᠭᠰᠠᠳ ᠤᠨ ᠰᠠᠨᠠᠭᠠᠨ ᠳᠤ ᠥᠭᠡᠢ ᠠᠳᠡᠯ ᠠᠴᠠ ᠬᠡᠷᠬᠢᠨ ᠵᠠᠶᠢᠯᠠᠬᠤ ᠪᠤᠢ
ᠨᠡᠶᠢᠲᠡᠯᠡᠭᠰᠡᠨ ᠴᠠᠭ᠄
2024/5/8
    ᠪᠠᠴᠢᠮ ᠪᠠᠶᠢᠳᠠᠯ ᠢ ᠠᠷᠭᠠᠴᠠᠭᠠᠬᠤ ᠭᠤᠤᠯᠳᠠᠯᠭ᠎ᠠ     ● ᠠᠶᠠᠨᠴᠢᠳ ᠮᠠᠰᠢᠨ ᠲᠡᠷᠭᠡᠨ ᠲᠤᠳᠤᠷ᠎ᠠ ᠭᠤᠮ ᠪᠤᠳᠠᠰ ᠰᠢᠳᠠᠵᠤ ᠪᠠᠶᠢᠭ᠎ᠠ ᠥᠨᠥᠷ ᠢ ᠥᠨᠥᠷᠳᠡᠬᠦ ᠪᠤᠶᠤ ᠶᠡᠷᠥ ᠪᠤᠰᠤ ᠶᠢᠨ ᠤᠳᠤᠭ᠎ᠠ ᠭᠠᠷᠴᠤ ᠪᠠᠶᠢᠬᠤ ᠶᠢ ᠤᠯᠵᠤ ᠬᠠᠷᠠᠪᠠᠯ᠂ ᠵᠢᠯᠤᠭᠤᠴᠢ ᠳᠠᠭᠠᠨ ᠲᠡᠷᠦ᠋ᠢᠬᠠᠨ ᠮᠡᠳᠡᠭᠳᠡᠬᠦ ᠭᠡᠷᠡᠭᠳᠡᠢ᠃ ᠵᠢᠯᠤᠭᠤᠴᠢ ᠪᠠ ᠪᠢᠯᠧᠲ ᠬᠤᠳᠠᠯᠳᠤᠭᠴᠢ ᠨᠢ ᠲᠡᠷᠭᠡ ᠪᠠᠨ ᠵᠤᠭᠰᠤᠭᠠᠵᠤ ᠪᠠᠶᠢᠴᠠᠭᠠᠨ ᠥᠵᠡᠵᠤ᠂ ᠠᠶᠠᠨᠴᠢᠳ ᠢ ᠠᠮᠤᠷ ᠲᠥᠪᠰᠢᠨ ᠭᠠᠵᠠᠷ ᠲᠤ ᠲᠠᠷᠬᠠᠨ ᠰᠢᠯᠵᠢᠬᠦᠯᠵᠤ᠂ ᠡᠮᠬᠢ ᠲᠢᠭᠯᠢᠮ ᠲᠠᠢ ᠵᠠᠶᠢᠯᠠᠭᠤᠯᠬᠤ ᠶᠢᠨ ᠲᠠᠭᠠᠤ ᠨᠠᠰᠤᠳᠠᠳ᠂ ᠡᠮᠡᠭᠳᠡᠶᠢᠴᠤᠳ ᠪᠤᠯᠤᠨ ᠭᠡᠥᠭᠡᠳ ᠢ ᠬᠠᠯᠠᠮᠵᠢᠯᠠᠨ ᠬᠠᠮᠠᠭᠠᠯᠠᠬᠤ ᠬᠠᠷᠢᠭᠤᠴᠠᠯᠭ᠎ᠠ     ᠲᠠᠢ᠃     ● ᠵᠢᠯᠤᠭᠤᠴᠢ ᠪᠠ ᠪᠢᠯᠧᠲ ᠬᠤᠳᠠᠯᠳᠤᠬᠴᠢ ᠨᠢ ᠬᠤᠶᠢᠨ᠎ᠠ ᠠᠴᠠ ᠲᠡᠷᠭᠡ ᠢᠷᠡᠬᠦ ᠵᠥᠭ ᠲᠤ 50 ~ 100 ᠮᠧᠲᠷ ᠤᠨ ᠭᠠᠵᠠᠷ ᠲᠤ ᠲᠤᠰᠬᠠᠢ ᠬᠡᠷᠡᠭᠯᠡᠭᠡᠨ ᠤ ᠰᠡᠷᠡᠮᠵᠢ ᠶᠢᠨ ᠲᠡᠮᠳᠡᠭ ᠲᠠᠯᠪᠢᠬᠤ ᠭᠡᠷᠡᠭᠳᠡᠢ᠃     ● ᠵᠢᠯᠤᠭᠤᠴᠢ ᠪᠠ ᠪᠢᠯᠧᠲ ᠬᠤᠳᠠᠯᠳᠤᠭᠴᠢ ᠠᠶᠠᠨᠴᠢᠳ ᠠᠴᠠ ᠮᠥᠡᠭᠬᠦ ᠬᠤᠷᠢᠶᠠᠬᠤ ᠥᠭᠡᠢ ᠪᠠᠷ ᠠᠳᠠᠯᠢ ᠱᠤᠭᠤᠮ᠂ ᠠᠳᠠᠯᠢ ᠵᠥᠭ ᠤᠨ ᠲᠡᠷᠭᠡᠨ ᠳᠤ ᠰᠤᠯᠢᠵᠤ ᠰᠠᠭᠤᠯᠭᠠᠬᠤ ᠪᠤᠶᠤ ᠠᠰᠳᠠᠭᠠᠨ ᠲᠡᠷᠭᠡ ᠲᠤᠬᠢᠷᠠᠭᠤᠯᠤᠨ ᠰᠠᠭᠤᠯᠭᠠᠨ᠎ᠠ᠃     ● ᠤᠯᠠᠨ ᠨᠡᠶᠢᠳᠡ ᠶᠢᠨ ᠮᠠᠰᠢᠨ ᠲᠡᠷᠭᠡᠨ ᠳᠤ ᠰᠠᠭᠤᠭᠠᠳ ᠭᠠᠯ ᠤᠨ ᠠᠶᠤᠯ ᠲᠤᠬᠢᠶᠠᠯᠳᠤᠪᠠᠯ᠂ ᠠᠶᠠᠨᠴᠢᠳ ᠲᠡᠷᠦ᠋ᠢᠬᠠᠨ ᠭᠠᠯ ᠭᠠᠷᠤᠭᠰᠠᠨ ᠲᠡᠷᠭᠡ ᠠᠴᠠ ᠵᠠᠶᠢᠯᠠᠵᠤ ᠲᠠᠷᠬᠠᠬᠤ ᠭᠡᠷᠡᠭᠳᠡᠢ᠂ ᠪᠥᠭᠡᠮᠨᠡᠷᠡᠯᠳᠥᠨ ᠥᠵᠡᠵᠤ ᠰᠤᠨᠢᠷᠬᠠᠵᠤ ᠪᠤᠯᠬᠤ ᠥᠭᠡᠢ᠃    ● ᠤᠯᠠᠨ ᠨᠡᠶᠢᠳᠡ ᠶᠢᠨ ᠮᠠᠰᠢᠨ ᠲᠡᠷᠭᠡ ᠠᠶᠠᠯᠠᠵᠤ ᠪᠠᠶᠢᠭ᠎ᠠ ᠶᠠᠪᠤᠴᠠ ᠳᠤ ᠠᠶᠠᠨᠴᠢᠳ ᠭᠡᠷᠪᠡ ᠰᠡᠵᠢᠭᠳᠡᠢ ᠪᠤᠳᠠᠰ ᠢ ᠤᠯᠵᠤ ᠬᠠᠷᠠᠪᠠᠯ᠂ ᠲᠡᠷᠡ ᠲᠤᠤᠷ᠎ᠠ ᠪᠠᠨ ᠵᠢᠯᠤᠭᠤᠴᠢ ᠪᠠ ᠪᠢᠯᠧᠲ ᠬᠤᠳᠠᠯᠳᠤᠭᠴᠢ ᠳᠤ ᠮᠡᠳᠡᠭᠳᠡᠬᠦ ᠶᠢᠨ ᠲᠠᠭᠠᠤ ᠠᠮᠤᠷ ᠲᠥᠪᠰᠢᠨ ᠪᠠᠶᠢᠷᠢᠨ ᠳᠤ ᠰᠢᠯᠵᠢᠬᠦ ᠭᠡᠷᠡᠭᠳᠡᠢ᠂ ᠲᠤᠷ᠎ᠠ ᠪᠠᠷ ᠢᠶᠠᠨ ᠰᠢᠢᠳᠪᠥᠷᠢᠯᠡᠵᠤ ᠤᠭᠳᠤ ᠪᠤᠯᠬᠤ ᠥᠭᠡᠢ᠃     ● ᠥᠬᠦᠯ ᠰᠢᠷᠬᠠᠳᠤᠯ ᠭᠠᠷᠪᠠᠯ ᠲᠡᠷᠦ᠋ᠢᠬᠠᠨ ᠲᠥᠷᠭᠡᠨ ᠠᠪᠤᠷᠠᠯᠳᠠ ᠶᠢᠨ ᠤᠳᠠᠰᠤ ᠶᠢ ᠤᠳᠠᠰᠤᠳᠠᠭᠠᠷᠠᠢ᠃     ᠲᠤᠰᠬᠠᠢ ᠮᠡᠷᠭᠡᠵᠢᠯᠳᠡᠨ ᠤ ᠰᠠᠨᠠᠭᠤᠯᠤᠮᠵᠢ     ◇ ᠮᠠᠰᠢᠨ ᠲᠡᠷᠭᠡᠨ ᠳᠤ ᠰᠠᠭᠤᠭᠰᠠᠳ ᠤᠨ ᠰᠠᠨᠠᠭᠠᠨ ᠳᠤ ᠥᠭᠡᠢ ᠡ᠊ᠨᠳᠡᠯ ᠡᠬᠦᠰᠪᠡᠯ᠂ ᠠᠶᠤᠨ ᠰᠤᠴᠢᠵᠤ᠂ ᠰᠢᠬᠠᠯᠳᠤᠨ ᠴᠢᠬᠢᠯᠳᠥᠵᠤ ᠪᠤᠯᠬᠤ ᠥᠭᠡᠢ᠃ ᠲᠡᠷᠦ᠋ᠢᠬᠠᠨ ᠴᠠᠭᠳᠠᠭ᠎ᠠ ᠳᠤ ᠮᠡᠳᠡᠬᠦᠯᠬᠦ ᠶᠢᠨ ᠲᠠᠭᠠᠤ ᠵᠢᠯᠤᠭᠤᠴᠢ ᠪᠢᠯᠧᠲ ᠬᠤᠳᠠᠯᠳᠤᠭᠴᠢ ᠶᠢᠨ ᠵᠢᠯᠤᠭᠤᠳᠤᠯᠭ᠎ᠠ ᠶᠢ ᠲᠠᠭᠠᠵᠤ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠠᠵᠢᠯᠯᠠᠭ᠎ᠠ ᠶᠢ ᠢᠳᠡᠪᠬᠢᠳᠡᠢ ᠦᠷᠨᠢᠭᠦᠯᠦᠨ᠎ᠡ᠃     ◇ ᠠᠶᠠᠯᠠᠵᠤ ᠪᠠᠶᠢᠭ᠎ᠠ ᠮᠠᠰᠢᠨ ᠲᠡᠷᠭᠡᠨ ᠤ ᠲᠤᠳᠤᠷ᠎ᠠ ᠭᠡᠥᠭᠡᠳ ᠢ ᠬᠥᠶᠥᠵᠤ ᠲᠤᠭᠯᠠᠭᠤᠯᠬᠤ ᠪᠠ ᠨᠠᠭᠠᠳᠤᠭᠤᠯᠵᠤ ᠪᠤᠯᠬᠤ ᠥᠭᠡᠢ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号