ᠬᠥᠨᠳᠤ ᠨᠤᠴᠢᠳᠠᠢ ᠴᠥᠮ᠎ᠡ ᠶᠢᠨ ᠡ᠊ᠨᠳᠡᠯ ᠢ ᠦᠢᠯᠠᠭᠠᠵᠤ ᠮᠡᠳᠡᠵᠤ ᠪᠤᠯᠤᠨ᠎ᠠ
ᠨᠡᠶᠢᠲᠡᠯᠡᠭᠰᠡᠨ ᠴᠠᠭ᠄
2024/5/9
    ᠴᠥᠮ᠎ᠡ ᠶᠢᠨ ᠤᠷᠪᠠᠯ ᠤᠨ ᠵᠤᠤᠬ᠎ᠠ᠂ ᠴᠥᠮ᠎ᠡ ᠶᠢᠨ ᠴᠠᠬᠢᠯᠭᠠᠨ ᠥᠷᠳᠡᠭᠡ ᠨᠢ ᠭᠡᠷᠪᠡ ᠡ᠊ᠨᠳᠡᠯ ᠡᠬᠦᠰᠪᠡᠯ᠂ ᠶᠡᠭᠡ ᠭᠡᠮᠵᠢᠶᠡᠨ ᠤ ᠰᠠᠴᠤᠷᠠᠭ ᠪᠤᠳᠠᠰ ᠢ ᠠᠭᠠᠷ ᠲᠤ ᠲᠠᠷᠬᠠᠭᠠᠵᠤ᠂ ᠶᠡᠭᠡ ᠭᠡᠮᠵᠢᠶᠡᠨ ᠤ ᠰᠠᠴᠤᠷᠠᠭ ᠥᠨᠡᠰᠤ ᠲᠤᠭᠤᠰᠤ ᠶᠢ ᠪᠤᠢ ᠪᠤᠯᠭᠠᠳᠠᠭ᠃ ᠲᠡᠷᠡ ᠨᠢ ᠬᠥᠮᠥᠨ ᠤ ᠪᠡᠶ᠎ᠡ ᠳᠤ ᠰᠢᠭᠤᠳ ᠲᠤᠰᠳᠠᠭ ᠪᠥᠭᠡᠳ ᠪᠠᠰᠠ ᠠᠮᠢᠰᠬᠤᠬᠤ᠂ ᠠᠷᠠᠰᠤ ᠬᠥᠷᠥᠰᠤ ᠪᠤᠬᠢᠷᠳᠤᠬᠤ᠂ ᠢᠳᠡᠵᠤ ᠤᠤᠭᠤᠬᠤ ᠵᠡᠷᠭᠡ ᠪᠠᠷ ᠲᠡᠮᠵᠢᠨ ᠬᠥᠮᠥᠨ ᠤ ᠪᠡᠶ᠎ᠡ ᠳᠤ ᠨᠡᠪᠴᠢᠳᠡᠭ᠃    ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ     ● ᠷᠠᠳᠢᠤ᠋ ᠨᠡᠪᠳᠡᠷᠡᠬᠦᠯᠭᠡ᠂ ᠲᠧᠯᠸᠢᠰ ᠵᠡᠷᠭᠡ ᠪᠠᠷ ᠲᠡᠮᠵᠢᠨ ᠴᠥᠮ᠎ᠠ ᠶᠢᠨ ᠴᠠᠬᠢᠯᠭᠠᠨ ᠥᠢᠯᠡᠳᠪᠥᠷᠢ ᠪᠤᠶᠤ ᠴᠥᠮ᠎ᠡ ᠶᠢᠨ ᠤᠷᠪᠠᠯ ᠤᠨ ᠵᠤᠤᠬ᠎ᠠ ᠨᠢ ᠴᠥᠮ᠎ᠠ ᠶᠢᠨ ᠡ᠊ᠨᠳᠡᠯ ᠡᠬᠦᠰᠥᠭᠰᠡᠨ ᠢ ᠤᠯᠵᠤ ᠮᠡᠳᠡᠪᠡᠯ᠂ ᠠᠯᠢ ᠴᠢᠳᠠᠬᠤ ᠪᠠᠷ ᠭᠡᠷ ᠠᠴᠠ ᠪᠠᠨ ᠭᠠᠷᠬᠤ ᠥᠭᠡᠢ ᠪᠠᠶᠢᠵᠤ᠂ ᠡᠬᠦᠳᠡ ᠴᠤᠩᠬᠤ ᠪᠠ ᠪᠤᠢ ᠪᠥᠬᠦᠢ ᠰᠠᠯᠬᠢ ᠨᠡᠪᠳᠡᠷᠡᠬᠦ ᠰᠢᠰᠲ᠋ᠧᠮ ᠢ ᠶᠠᠭ ᠲᠠᠭ ᠲᠡᠷᠤᠬᠤ ᠭᠡᠷᠡᠭᠳᠡᠢ᠃ ᠭᠡᠷᠪᠡ ᠥᠷᠥᠭᠡ ᠭᠡᠷ ᠠᠴᠠ ᠪᠠᠨ ᠭᠠᠳᠠᠨ᠎ᠠ ᠪᠠᠶᠢᠪᠠᠯ ᠭᠠᠷ ᠤᠨ ᠠᠯᠴᠢᠭᠤᠷ᠂ ᠠᠮᠠᠪᠴᠢ᠂ ᠡᠷᠡᠬᠦᠯ ᠬᠠᠮᠠᠭᠠᠯᠠᠯ ᠤᠨ ᠴᠠᠭᠠᠰᠤ ᠠᠯᠴᠢᠭᠤᠷ ᠪᠤᠶᠤ ᠪᠤᠰᠤᠳ ᠵᠥᠢᠯ ᠢᠶᠠᠷ ᠠᠮᠠ ᠬᠠᠮᠠᠷ ᠢᠶᠠᠨ ᠲᠡᠷᠤᠵᠤ᠂ ᠰᠠᠯᠬᠢ ᠥᠭᠡᠳᠡ ᠵᠠᠶᠢᠯᠠᠵᠤ᠂ ᠠᠮᠤᠷ ᠲᠥᠪᠰᠢᠨ ᠭᠠᠵᠠᠷ ᠢ ᠰᠤᠩᠭᠤᠨ ᠪᠡᠶ᠎ᠡ ᠲᠠᠯᠳᠠᠯᠠᠬᠤ ᠭᠡᠷᠡᠭᠳᠡᠢ᠃     ● ᠬᠤᠪᠴᠠᠰᠤ ᠬᠤᠨᠠᠷ ᠪᠠ ᠠᠷᠠᠰᠤ ᠬᠥᠷᠥᠰᠤ ᠴᠢᠨᠢ ᠪᠤᠬᠢᠷᠳᠤᠭᠰᠠᠨ ᠪᠤᠶᠤ ᠪᠤᠬᠢᠷᠳᠦᠵᠦ ᠮᠡᠳᠡᠬᠦ ᠥᠶᠡᠰ᠂ ᠭᠠᠳᠠᠷ ᠬᠤᠪᠴᠠᠰᠤ ᠪᠠᠨ ᠲᠠᠶᠢᠯᠬᠤ ᠶᠢᠨ ᠲᠠᠭᠠᠤ᠂ ᠭᠠᠷ᠂ ᠨᠢᠭᠤᠷ᠂ ᠲᠤᠯᠤᠭᠠᠢ ᠪᠠᠨ ᠰᠠᠶᠢᠳᠤᠷ ᠤᠬᠢᠶᠠᠨ᠎ᠠ᠃    ● ᠪᠤᠬᠢᠷᠳᠤᠯ ᠤᠨ ᠤᠷᠤᠨ ᠠᠴᠠ ᠵᠠᠶᠢᠯᠠᠭᠰᠠᠨ ᠤ ᠰᠡᠬᠦᠯᠡᠷ᠂ ᠪᠤᠬᠢᠷᠳᠤᠭᠰᠠᠨ ᠬᠤᠪᠴᠠᠰᠤ ᠬᠤᠨᠠᠷ ᠢᠶᠠᠨ ᠲᠥᠪᠯᠡᠷᠡᠬᠦᠯᠥᠨ ᠰᠢᠳᠠᠭᠠᠬᠤ ᠪᠠ ᠪᠤᠯᠠᠬᠤ ᠶᠢ ᠠᠩᠬᠠᠷᠤᠯ ᠳᠤ ᠠᠪᠤᠨ᠎ᠠ᠃     ᠲᠤᠰᠬᠠᠢ ᠮᠡᠷᠭᠡᠵᠢᠯᠳᠡᠨ ᠤ ᠰᠠᠨᠠᠭᠤᠯᠤᠮᠵᠢ     ◇ ᠴᠥᠮ᠎ᠡ ᠶᠢᠨ ᠡ᠊ᠨᠳᠡᠯ ᠡᠬᠦᠰᠥᠭᠰᠡᠨ ᠥᠶᠡᠰ᠂ ᠬᠠᠮᠢᠶ᠎ᠠ ᠪᠥᠬᠦᠢ ᠰᠠᠯᠠᠭ᠎ᠠ ᠮᠥᠴᠢᠷ ᠪᠤᠶᠤ ᠲᠤᠰᠬᠠᠢ ᠠᠵᠢᠯᠳᠠᠨ ᠤ ᠵᠢᠯᠤᠭᠤᠳᠤᠯᠭ᠎ᠠ ᠶᠢ ᠰᠤᠨᠤᠰᠴᠤ᠂ ᠱᠠᠯᠠᠪᠬᠠᠨ ᠠᠷᠭ᠎ᠠ ᠭᠡᠮᠵᠢᠶ᠎ᠡ ᠠᠪᠴᠤ᠂ ᠰᠠᠴᠤᠷᠠᠭ ᠪᠤᠳᠠᠰ ᠢ ᠰᠢᠩᠭᠡᠭᠡᠨ ᠠᠪᠬᠤ ᠠᠴᠠ ᠰᠡᠷᠭᠡᠶᠢᠯᠡᠨ᠎ᠡ᠃     ◇ ᠲᠡᠷᠦ᠋ᠢᠬᠠᠨ ᠤᠢᠢᠷ᠎ᠠ ᠬᠠᠪᠢ ᠶᠢᠨ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠪᠠᠷᠢᠯᠭ᠎ᠠ ᠳᠤ ᠨᠢᠭᠤᠭᠳᠠᠪᠡᠯ ᠰᠠᠶᠢᠨ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号