ᠪᠤᠵᠠᠷ ᠰᠤᠮᠤ ᠶᠢᠨ ᠲᠤᠬᠠᠢ ᠮᠡᠳᠡᠯᠭᠡ
ᠨᠡᠶᠢᠲᠡᠯᠡᠭᠰᠡᠨ ᠴᠠᠭ᠄
2024/5/9
    ᠪᠤᠵᠠᠷ ᠰᠤᠮᠤ ᠶᠢᠨ ᠰᠢᠨᠵᠢᠯᠡᠭᠡᠨ ᠤ ᠨᠡᠷ᠎ᠡ ᠨᠢ ︽ᠰᠠᠴᠤᠷᠠᠭ ᠲᠠᠷᠬᠠᠭᠠᠳᠠᠭ ᠲᠤᠨᠤᠭᠯᠠᠯ︾ ᠭᠡᠳᠡᠭ᠂ ᠲᠡᠷᠡ ᠨᠢ ᠨᠢᠭᠡ ᠵᠥᠢᠯ ᠤᠨ ᠰᠠᠴᠤᠷᠠᠭ ᠪᠤᠳᠠᠰ ᠢ ᠥᠷᠭᠡᠨ ᠬᠡᠪᠴᠢᠶ᠎ᠡ ᠪᠠᠷ ᠲᠡᠷᠬᠠᠭᠠᠳᠠᠭ ᠵᠡᠪᠰᠡᠭ ᠪᠤᠯᠤᠨ᠎ᠠ᠃ ᠲᠡᠭᠡᠬᠦ ᠳᠡᠭᠡᠨ ᠴᠥᠮ᠎ᠡ ᠶᠢᠨ ᠲᠡᠯᠪᠡᠷᠡᠯᠳᠡ ᠡᠬᠦᠰᠭᠡᠳᠡᠭ ᠥᠭᠡᠢ᠃ ᠪᠤᠵᠠᠷ ᠰᠤᠮᠤ ᠲᠡᠯᠪᠡᠷᠡᠭᠰᠡᠨ ᠤ ᠰᠡᠬᠦᠯᠡᠷ᠂ ᠰᠠᠴᠤᠷᠠᠭ ᠴᠢᠨᠠᠷᠳᠠᠢ ᠮᠥᠬᠦᠯᠢᠭ ᠢ ᠥᠷᠭᠡᠨ ᠢᠶᠠᠷ ᠲᠡᠷᠬᠠᠭᠠᠵᠤ᠂ ᠬᠥᠮᠥᠰ ᠤᠨ ᠪᠡᠶ᠎ᠡ ᠮᠠᠬᠠᠪᠤᠳ ᠢ ᠬᠤᠤᠷᠳᠠᠭᠤᠯᠳᠠᠭ ᠪᠠᠶᠢᠨ᠎ᠠ᠃     ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ     ● ᠪᠤᠵᠠᠷ ᠰᠤᠮᠤᠨ ᠤ ᠲᠠᠭᠠᠷᠢᠯᠳᠠ ᠳᠤ ᠤᠴᠠᠷᠠᠬᠤ ᠥᠶᠡᠰ᠂ ᠲᠡᠷᠦ᠋ᠢᠬᠠᠨ ᠡᠷᠥᠭᠡ ᠭᠡᠷ᠂ ᠬᠠᠮᠤᠭ ᠤᠨ ᠰᠠᠶᠢᠨ ᠨᠢ ᠨᠥᠭᠡᠨ ᠭᠡᠷ ᠲᠤ ᠨᠢᠭᠤᠨ ᠲᠠᠯᠳᠠᠯᠠᠵᠤ᠂ ᠡᠬᠦᠳᠡ ᠴᠤᠩᠬᠤ ᠪᠠ ᠪᠤᠰᠤᠳ ᠰᠠᠯᠬᠢ ᠨᠡᠪᠳᠡᠷᠡᠬᠦ ᠰᠢᠰᠲ᠋ᠧᠮ ᠢ ᠨᠢᠭᠳᠠ ᠬᠠᠭᠠᠵᠤ ᠪᠢᠳᠡᠬᠦᠮᠵᠢᠯᠡᠵᠤ᠂ ᠠᠮᠤᠷ ᠲᠥᠪᠰᠢᠨ ᠢᠶᠠᠷ ᠵᠠᠶᠢᠯᠠᠵᠤ ᠴᠢᠳᠠᠬᠤ ᠥᠶᠡᠰ ᠲᠡᠷᠦ᠋ᠢᠬᠠᠨ ᠭᠠᠷᠴᠤ ᠵᠠᠶᠢᠯᠠᠨ᠎ᠠ᠃     ● ᠲᠡᠯᠪᠡᠷᠡᠯᠳᠡ ᠶᠢᠨ ᠤᠷᠤᠨ ᠠᠴᠠ ᠬᠤᠯᠠ ᠵᠠᠶᠢᠯᠠᠨ᠎ᠠ᠃ ᠰᠠᠴᠤᠷᠠᠭ ᠮᠥᠬᠦᠯᠢᠭ ᠨᠢ ᠰᠠᠯᠬᠢ ᠤᠷᠤᠭᠤ ᠲᠠᠷᠬᠠᠭᠠᠳᠠᠭ ᠪᠤᠯᠬᠤᠷ ᠪᠤᠯᠤᠯᠴᠠᠭ᠎ᠠ ᠲᠠᠢ ᠪᠤᠯ ᠰᠠᠯᠬᠢᠨ ᠤ ᠲᠡᠭᠡᠷ᠎ᠡ ᠲᠡᠯ᠎ᠠ ᠳᠤ ᠭᠠᠷᠬᠤ ᠶᠢ ᠠᠩᠬᠠᠷᠤᠨ᠎ᠠ᠃    ● ᠭᠡᠷᠪᠡ ᠪᠠᠶᠠᠨ ᠲᠡᠭᠡᠷ᠎ᠡ ᠪᠤᠬᠢᠷᠳᠤᠭᠰᠠᠨ ᠪᠤᠯ ᠲᠡᠷᠦ᠋ᠢᠬᠠᠨ ᠪᠤᠬᠢᠷᠳᠤᠭᠰᠠᠨ ᠬᠤᠪᠴᠠᠰᠤ ᠬᠤᠨᠠᠷ ᠢᠶᠠᠨ ᠲᠡᠶᠢᠯᠵᠤ᠂ ᠰᠠᠪᠤᠩ ᠢᠶᠠᠷ ᠪᠥᠬᠦ ᠪᠡᠶ᠎ᠡ ᠪᠠᠨ ᠬᠥᠢᠴᠡᠳ ᠤᠬᠢᠶᠠᠨ ᠴᠡᠪᠡᠷᠯᠡᠬᠦ ᠭᠡᠷᠡᠭᠳᠡᠢ᠃    ● ᠪᠤᠬᠢᠷᠳᠤᠭᠰᠠᠨ ᠢᠳᠡᠭᠡᠨ᠂ ᠪᠤᠬᠢᠷᠳᠤᠭᠰᠠᠨ ᠤᠮᠳᠠᠭᠠᠨ ᠢ ᠢᠳᠡᠵᠤ ᠤᠤᠭᠤᠬᠤ ᠥᠭᠡᠢ ᠪᠠᠶᠢᠵᠤ᠂ ᠰᠠᠴᠤᠷᠠᠭ ᠪᠤᠳᠠᠰ ᠲᠡᠮ ᠢᠶᠠᠷ ᠰᠢᠩᠭᠡᠬᠦ ᠶᠢ ᠰᠡᠷᠭᠡᠶᠢᠯᠡᠬᠦ ᠭᠡᠷᠡᠭᠳᠡᠢ᠃     ● ᠪᠤᠬᠢᠷᠳᠤᠯ ᠳᠤ ᠤᠴᠠᠷᠠᠭᠰᠠᠨ ᠪᠤᠯ ᠢᠯᠡᠬᠦᠭᠡᠨ ᠤᠰᠤ ᠤᠤᠭᠤᠵᠤ᠂ ᠪᠠᠶᠡᠨ ᠳᠠᠬᠢ ᠰᠠᠴᠤᠷᠠᠭ ᠪᠤᠵᠠᠷ ᠢ ᠲᠥᠷᠭᠡᠭᠡᠨ ᠲᠠᠭᠤᠵᠤ ᠭᠠᠷᠭᠠᠬᠤ ᠭᠡᠷᠡᠭᠳᠡᠢ᠃     ᠲᠤᠰᠬᠠᠢ ᠮᠡᠷᠭᠡᠵᠢᠯᠳᠡᠨ ᠤ ᠰᠠᠨᠠᠭᠤᠯᠤᠮᠵᠢ     ◇ ᠪᠤᠵᠠᠷ ᠰᠤᠮᠤᠨ ᠤ ᠲᠠᠭᠠᠷᠢᠯᠳᠠ ᠳᠤ ᠤᠴᠠᠷᠠᠭᠰᠠᠨ ᠥᠶᠡᠰ᠂ ᠠᠶᠤᠵᠤ ᠰᠤᠴᠢᠬᠤ ᠪᠠ ᠡᠮᠬᠢ ᠵᠠᠮᠪᠠᠷᠠᠭ᠎ᠠ ᠪᠠᠨ ᠠᠯᠳᠠᠵᠤ ᠪᠤᠯᠬᠤ ᠥᠭᠡᠢ᠂ ᠲᠤᠰᠬᠠᠢ ᠠᠵᠢᠯᠳᠠᠳ ᠤᠨ ᠵᠢᠯᠤᠭᠤᠳᠤᠯᠭ᠎ᠠ ᠶᠢ ᠲᠠᠭᠠᠬᠤ ᠭᠡᠷᠡᠭᠳᠡᠢ᠃    ◇ ᠪᠤᠵᠠᠷ ᠰᠤᠮᠤᠨ ᠤ ᠲᠠᠭᠠᠷᠢᠯᠳᠠ ᠥᠡᠭᠭᠡᠷᠡᠭᠰᠡᠨ ᠤ ᠰᠡᠬᠦᠯᠡᠷ᠂ ᠲᠤᠰᠬᠠᠢ ᠠᠵᠢᠯ ᠤᠨ ᠪᠤᠰᠤ ᠬᠥᠮᠥᠰ ᠬᠥᠨᠳᠤ ᠨᠤᠴᠢᠳᠠᠢ ᠪᠤᠬᠢᠷᠳᠤᠭᠰᠠᠨ ᠭᠠᠵᠠᠷ ᠤᠷᠤᠨ ᠳᠤ ᠤᠴᠢᠵᠤ ᠪᠤᠯᠬᠤ ᠥᠭᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号