ᠨᠡᠬᠦᠷᠡᠰᠥᠨ ᠠᠭᠤᠷᠬᠠᠢ ᠶᠢᠨ ᠭᠠᠰ ᠲᠡᠯᠪᠡᠷᠡᠬᠦ ᠶᠢ ᠬᠡᠷᠬᠢᠨ ᠦᠢᠯᠠᠭᠠᠬᠤ ᠪᠤᠢ
ᠨᠡᠶᠢᠲᠡᠯᠡᠭᠰᠡᠨ ᠴᠠᠭ᠄
2024/5/9
    ᠭᠠᠰ ᠪᠤᠯ ᠨᠢᠭᠡ ᠵᠥᠢᠯ ᠤᠨ ᠥᠡᠭᠭᠡ ᠥᠭᠡᠢ᠂ ᠥᠨᠥᠷ ᠥᠭᠡᠢ᠂ ᠠᠮᠠᠷᠬᠠᠨ ᠨᠤᠴᠤᠵᠤ᠂ ᠠᠮᠠᠷᠬᠠᠨ ᠲᠡᠯᠪᠡᠷᠡᠳᠡᠭ ᠭᠡᠢ ᠪᠡᠶᠡᠳᠤ ᠪᠤᠯᠤᠨ᠎ᠠ᠃ ᠭᠡᠷᠪᠡ ᠠᠭᠠᠷ ᠲᠤᠳᠤᠷ᠎ᠠ ᠭᠠᠰ ᠤᠨ ᠥᠳᠭᠡᠴᠡ ᠨᠢ 5.5% ᠠᠴᠠ 16% ᠪᠤᠯᠬᠤ ᠥᠶᠡᠰ᠂ ᠢᠯᠡ ᠭᠠᠯ ᠲᠠᠢ ᠪᠠᠶᠢᠳᠠᠯ ᠲᠤᠤᠷ᠎ᠠ ᠲᠡᠷᠤᠢ ᠲᠡᠯᠪᠡᠷᠡᠳᠡᠭ᠃ ᠭᠠᠰ ᠲᠡᠯᠪᠡᠷᠡᠪᠡᠯ ᠥᠨᠳᠥᠷ ᠬᠠᠯᠠᠭᠤᠨ᠂ ᠥᠨᠳᠥᠷ ᠲᠠᠷᠤᠯᠳᠠ᠂ ᠲᠠᠭᠠᠷᠢᠯᠳᠠ ᠲᠤᠯᠬᠢᠶᠠᠨ ᠢ ᠪᠤᠢ ᠪᠤᠯᠭᠠᠬᠤ ᠮᠥᠷᠳᠡᠭᠡᠨ ᠬᠤᠤᠷ ᠲᠠᠢ ᠭᠡᠢ ᠪᠡᠶᠡᠳᠤ ᠶᠢ ᠭᠠᠷᠭᠠᠳᠠᠭ᠃     ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ     ● ᠭᠠᠰ ᠲᠡᠯᠪᠡᠷᠡᠬᠦ ᠶᠢ ᠰᠤᠨᠤᠰᠬᠤ ᠪᠤᠶᠤ ᠥᠵᠡᠭᠰᠡᠨ ᠥᠶᠡᠰ᠂ ᠲᠡᠯᠪᠡᠷᠡᠭᠰᠡᠨ ᠭᠠᠵᠠᠷ ᠤᠨ ᠡᠰᠡᠷᠬᠦ ᠵᠥᠭ ᠲᠤ ᠲᠡᠷᠦ᠋ᠢᠬᠠᠨ ᠭᠠᠵᠠᠷ ᠭᠡᠪᠳᠡᠵᠤ᠂ ᠤᠢᠢᠷᠠᠬᠠᠨ ᠤᠰᠤ ᠪᠠᠶᠢᠪᠠᠯ᠂ ᠤᠰᠤᠨ ᠲᠤᠳᠤᠷ᠎ᠠ ᠲᠡᠭᠡᠭᠰᠢ ᠬᠠᠨᠳᠤᠬᠤ ᠪᠤᠶᠤ ᠬᠠᠵᠠᠭᠤᠯᠳᠠᠨ ᠭᠡᠪᠳᠡᠵᠤ᠂ ᠨᠦᠢᠳᠠᠨ ᠠᠯᠴᠢᠭᠤᠷ ᠢᠶᠠᠷ ᠠᠮᠠ ᠬᠠᠮᠠᠷ ᠢᠶᠠᠨ ᠪᠢᠳᠡᠬᠦᠯᠡᠬᠦ ᠭᠡᠷᠡᠭᠳᠡᠢ᠃     ● ᠲᠡᠯᠪᠡᠷᠡᠯᠳᠡ ᠶᠢᠨ ᠲᠥᠪ ᠠᠴᠠ ᠨᠡᠯᠢᠶᠡᠳ ᠤᠢᠢᠷᠠᠬᠠᠨ ᠪᠠᠶᠢᠭ᠎ᠠ ᠬᠥᠮᠥᠰ ᠲᠡᠭᠡᠷ᠎ᠡ ᠲᠤᠷᠠᠳᠤᠭᠰᠠᠨ ᠥᠪᠡᠷ ᠢ ᠪᠠᠨ ᠠᠪᠤᠷᠠᠬᠤ ᠠᠷᠭ᠎ᠠ ᠭᠡᠮᠵᠢᠶ᠎ᠡ ᠶᠢ ᠠᠪᠤᠭᠰᠠᠨ ᠤ ᠪᠠᠨ ᠲᠠᠷᠠᠭ᠎ᠠ᠂ ᠲᠤᠬᠠᠢ ᠶᠢᠨ ᠲᠠᠯᠠᠪᠤᠷ ᠠᠴᠠ ᠱᠠᠯᠠᠪᠬᠠᠨ ᠵᠠᠶᠢᠯᠠᠵᠤ᠂ ᠬᠤᠶᠠᠷᠳᠡᠬᠢ ᠲᠡᠯᠪᠡᠷᠡᠯᠳᠡ ᠠᠴᠠ ᠰᠡᠷᠭᠡᠶᠢᠯᠡᠨ᠎ᠡ᠃     ● ᠭᠠᠰ ᠲᠡᠯᠪᠡᠷᠡᠭᠰᠡᠨ ᠤ ᠲᠠᠷᠠᠭ᠎ᠠ᠂ ᠡ᠊ᠨᠳᠡᠯ ᠭᠠᠷᠤᠭᠰᠠᠨ ᠭᠠᠵᠠᠷ ᠲᠤ ᠨᠡᠪᠳᠡᠷᠡᠬᠦ ᠴᠠᠬᠢᠯᠭᠠᠨ ᠤ ᠢᠷᠡᠯᠳᠡ ᠶᠢ ᠲᠡᠷᠦ᠋ᠢᠬᠠᠨ ᠲᠠᠰᠤᠳᠠᠵᠤ᠂ ᠲᠥᠷᠭᠡᠨ ᠰᠠᠯᠬᠢ ᠨᠡᠪᠳᠡᠷᠡᠬᠦᠯᠵᠤ᠂ ᠠᠷᠭ᠎ᠠ ᠰᠥᠪᠡᠭᠴᠢᠯᠡᠨ ᠢᠯᠡ ᠭᠠᠯ ᠪᠠ ᠥᠯᠡᠳᠡᠪᠥᠷᠢ ᠭᠠᠯ ᠢ ᠤᠨᠳᠠᠷᠠᠭᠠᠵᠤ᠂ ᠲᠡᠬᠢᠨᠳᠠ ᠲᠡᠯᠪᠡᠷᠡᠬᠦ ᠠᠴᠠ ᠰᠡᠷᠭᠡᠶᠢᠯᠡᠬᠦ ᠭᠡᠷᠡᠭᠳᠡᠢ᠃ ᠠᠮᠢ ᠥᠯᠡᠳᠡᠭᠰᠡᠨ ᠬᠥᠮᠥᠨ ᠪᠥᠬᠦᠨ ᠡ᠊ᠨᠳᠡᠯ ᠭᠠᠷᠤᠭᠰᠠᠨ ᠤ ᠰᠡᠬᠦᠯᠡᠷ ᠠᠶᠤᠯᠳᠠᠢ ᠤᠷᠤᠨ ᠠᠴᠠ ᠡᠮᠬᠢ ᠲᠠᠷᠠᠭ᠎ᠠ ᠲᠠᠢ ᠪᠠᠷ ᠰᠢᠯᠵᠢᠬᠦ ᠭᠡᠷᠡᠭᠳᠡᠢ᠃     ● ᠨᠡᠬᠦᠷᠡᠰᠥᠳᠦ᠋ᠷᠥᠭᠴᠢ ᠶᠢᠨ ᠲᠠᠩ ᠢᠰᠥᠯ ᠳᠤ ᠬᠤᠤᠷᠳᠠᠭᠳᠠᠭᠰᠠᠳ ᠢ ᠱᠠᠯᠠᠪᠬᠠᠨ ᠰᠠᠯᠬᠢ ᠰᠠᠶᠢᠳᠠᠢ ᠠᠮᠤᠷ ᠲᠥᠪᠰᠢᠨ ᠭᠠᠵᠠᠷ ᠲᠤ ᠰᠢᠯᠵᠢᠭᠦᠯᠦᠨ᠎ᠡ᠃      ᠲᠤᠰᠬᠠᠢ ᠮᠡᠷᠭᠡᠵᠢᠯᠳᠡᠨ ᠤ ᠰᠠᠨᠠᠭᠤᠯᠤᠮᠵᠢ     ◇ ᠠᠭᠤᠷᠬᠠᠢ ᠶᠢᠨ ᠬᠤᠳᠳᠤᠭ ᠲᠤ ᠰᠠᠯᠬᠢ ᠰᠠᠶᠢᠳᠤᠷ ᠨᠡᠪᠳᠡᠷᠡᠬᠦᠯᠵᠤ᠂ ᠤᠯᠠᠨ ᠵᠥᠢᠯ ᠤᠨ ᠰᠠᠯᠬᠢ ᠨᠡᠪᠳᠡᠷᠡᠬᠦᠯᠬᠦ ᠠᠷᠭ᠎ᠠ ᠭᠡᠮᠵᠢᠶ᠎ᠡ ᠶᠢ ᠭᠡᠷᠡᠭᠯᠡᠵᠤ᠂ ᠬᠤᠳᠳᠤᠭ ᠲᠠᠬᠢ ᠭᠠᠰ ᠤᠨ ᠭᠡᠮᠵᠢᠶ᠎ᠡ ᠶᠢ ᠲᠤᠭᠳᠠᠭᠠᠭᠰᠠᠨ ᠠᠭᠤᠯᠤᠭᠳᠠᠴᠠ ᠠᠴᠠ ᠭᠡᠳᠥᠷᠡᠬᠦᠯᠬᠦ ᠥᠭᠡᠢ ᠪᠠᠶᠢᠬᠤ ᠶᠢ ᠪᠠᠳᠤᠯᠠᠵᠤ᠂ ᠪᠠᠶᠢᠴᠠᠭᠠᠬᠤ ᠲᠥᠷᠢᠮ ᠢ ᠴᠢᠩᠭᠠᠷᠠᠭᠤᠯᠬᠤ ᠭᠡᠷᠡᠭᠳᠡᠢ᠂ ᠭᠠᠰ ᠲᠤᠤᠷ᠎ᠠ ᠠᠭᠤᠷᠬᠠᠢ ᠶᠢᠨ ᠬᠤᠳᠳᠤᠭ ᠲᠤ ᠪᠤᠯ ᠡᠭᠡᠯᠵᠢ ᠪᠥᠷᠢ ᠠᠯᠢ ᠴᠥᠭᠡᠨ ᠳᠡᠭᠡᠨ ᠬᠤᠶᠠᠷ ᠤᠳᠠᠭ᠎ᠠ ᠪᠠᠶᠢᠴᠠᠭᠠᠵᠤ᠂ ᠭᠠᠰ ᠥᠨᠳᠥᠷ ᠠᠭᠤᠷᠬᠠᠢ ᠶᠢᠨ ᠬᠤᠳᠳᠤᠭ ᠲᠤ ᠪᠤᠯ ᠡᠭᠡᠯᠵᠢ ᠪᠥᠷᠢ ᠠᠯᠢ ᠴᠥᠭᠡᠨ ᠳᠡᠭᠡᠨ 3 ᠤᠳᠠᠭ᠎ᠠ ᠪᠠᠶᠢᠴᠠᠭᠠᠨ᠎ᠠ᠃     ◇ ᠬᠤᠳᠳᠤᠭ ᠲᠤ ᠪᠠᠭᠤᠬᠤ ᠳᠤ ᠲᠡᠮᠡᠬᠢ᠂ ᠨᠤᠴᠤᠭᠠᠯᠭ᠎ᠠ ᠡᠳ᠋ ᠠᠪᠴᠤ ᠤᠷᠤᠬᠤ ᠶᠢ ᠴᠠᠭᠠᠵᠠᠯᠠᠨ᠎ᠠ᠂ ᠴᠠᠬᠢᠯᠭᠠᠨ ᠵᠤᠤᠬ᠎ᠠ ᠪᠤᠯᠤᠨ ᠴᠠᠬᠢᠯᠭᠠᠨ ᠳ᠋ᠧᠩ ᠢᠶᠠᠷ ᠲᠤᠯᠠᠭᠠᠴᠠᠵᠤ ᠪᠤᠯᠬᠤ ᠥᠭᠡᠢ᠃ ᠬᠤᠳᠳᠤᠭ ᠲᠤ ᠪᠠᠭᠤᠬᠤ ᠳᠤ ᠥᠪᠡᠷ ᠤᠨ ᠠᠪᠤᠷᠠᠬᠤ ᠭᠡᠷᠡᠭᠰᠡᠯ ᠢᠶᠠᠨ ᠠᠪᠴᠤ ᠤᠷᠤᠬᠤ ᠭᠡᠷᠡᠭᠳᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号